ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠡᠪᠰᠡᠭ ᠤᠨ ᠡᠷᠳᠡᠮ ᠤᠨ ᠮᠥᠷᠦ᠋ᠢᠴᠡᠭᠡᠨ︾ ᠳᠤᠮᠳᠠ ᠬᠡᠰᠡᠭ ᠠᠭᠤᠯᠠᠷᠬᠠᠭ ᠣᠷᠣᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠲᠤᠬᠠᠢ ᠶᠢᠨ ᠲᠠᠯᠠᠪᠠᠢ ᠶᠢᠨ ᠬᠤᠷᠠᠯ ᠬᠤᠸᠠᠳᠧ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/15

    8 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ︽ᠵᠡᠪᠰᠡᠭ ᠤᠨ ᠡᠷᠳᠡᠮ ᠤᠨ ᠮᠥᠷᠦ᠋ᠢᠴᠡᠭᠡᠨ ᠣᠳᠣᠨ ᠪᠤᠯᠢᠶᠠᠯᠳᠤᠬᠤ ︾ ᠳᠤᠮᠳᠠ

ᠬᠡᠰᠡᠭ ᠤᠨ ᠰᠣᠷᠢᠯᠳᠠ ᠶᠢᠨ ᠠᠵᠢᠯᠯᠠᠭ᠎ᠠ ᠵᠢᠴᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ

ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ

ᠪᠦᠯᠬᠦᠮ ᠤᠨ ᠲᠤᠬᠠᠶ ᠶᠢᠨ ᠲᠠᠯᠠᠪᠠᠶ ᠶᠢᠨ ᠬᠤᠷᠠᠯ ᠬᠤᠸᠠᠳᠧ ᠰᠢᠶᠠᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠬᠤᠸᠠᠩ ᠹᠧᠩ᠂ ᠥᠪᠡᠷᠲᠡᠭᠡᠨ ᠵᠠᠰᠠᠬᠤ

ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠵᠤᠤ ᠢᠦᠢ ᠱᠧᠩ᠂ ᠬᠤᠳᠠ ᠶᠢᠨ ᠨᠠᠮ ᠤᠨ

ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠦᠩ᠂ ᠬᠤᠳᠠ ᠶᠢᠨ ᠨᠠᠮ ᠤᠨ

ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠸᠠᠩ ᠴᠠᠩ ᠰᠦᠩ᠂ ᠰᠢᠶᠠᠨ ᠤ ᠨᠠᠮ ᠤᠨ

ᠬᠤᠷᠢᠶ᠎ᠠ ᠶᠢᠨ ᠱᠦᠵᠢ ᠴᠠᠩ ᠳ᠋ᠠ ᠸᠧᠢ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ

ᠰᠢᠶᠠᠨ ᠤ ᠳᠠᠷᠤᠭ᠎ᠠ ᠳ᠋ᠢᠶᠤᠤ ᠴᠦᠨ ᠬᠠᠢ ᠨᠠᠷ ᠠᠵᠢᠯᠯᠠᠭ᠎ᠠ ᠳᠤ ᠣᠷᠣᠯᠴᠠᠪᠠ᠃

1723600402814069554.jpg

    ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠡᠪᠰᠡᠭ ᠤᠨ ᠡᠷᠳᠡᠮ ᠤᠨ ᠮᠥᠷᠦ᠋ᠢᠴᠡᠭᠡᠨ︾

 ᠤ ᠳᠤᠮᠳᠠ ᠬᠡᠰᠡᠭ ᠣᠷᠣᠨ ᠢ ᠬᠥᠭᠵᠢᠭᠦᠯᠦᠨ ᠮᠠᠨᠳᠤᠭᠤᠯᠬᠤ ᠦᠵᠡᠭᠦᠯᠦᠯᠭᠡ ᠶᠢᠨ ᠠᠵᠢᠯᠯᠠᠭ᠎ᠠ ᠳᠤ᠂ ᠠᠵᠢᠯᠯᠠᠭ᠎ᠠ ᠳᠤ

ᠣᠷᠣᠯᠴᠠᠭᠰᠠᠳ ᠬᠤᠸᠠᠳᠧ ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠮᠢᠨ ᠵᠦ ᠲᠣᠰᠬᠤᠨ᠂ ᠡᠯ ᠳ᠋ᠤᠤ ᠾᠧ

ᠲᠣᠰᠬᠤᠨ᠂ ᠪᠠᠶᠠᠨᠲᠠᠯ᠎ᠠ ᠰᠢᠶᠠᠩ ᠤᠨ ᠪᠠᠶᠠᠨᠲᠠᠯ᠎ᠠ ᠲᠣᠰᠬᠤᠨ᠂ ᠪᠤᠯᠤᠩ ᠤᠨ ᠤᠰᠤ ᠲᠣᠰᠬᠤᠨ᠂ ᠳᠡᠪᠡᠭᠡᠲᠤ ᠰᠢᠶᠠᠩ ᠤᠨ

ᠳᠡᠪᠡᠭᠡᠲᠤ ᠲᠣᠰᠬᠤᠨ ᠵᠢᠴᠢ ᠥᠪᠥᠷ ᠮᠣᠩᠭᠤᠯ ᠤᠨ ᠬᠤᠸᠠ ᠴᠧᠨ ᠳᠠᠬᠢᠯᠲᠠ ᠡᠬᠢ ᠪᠠᠶᠠᠯᠢᠭ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠸᠠᠳᠧ ᠰᠢᠶᠠᠨ ᠤ ᠬᠤᠪᠴᠠᠰᠤᠨ ᠤ ᠠᠵᠤ ᠦᠢᠯᠡᠰ ᠤᠨ ᠬᠦᠷᠢᠶᠡᠯᠡᠩ ᠳᠤ

ᠭᠦᠨᠵᠡᠭᠡᠶᠢᠷᠡᠨ ᠲᠣᠭᠤᠷᠢᠨ ᠦᠵᠡᠭᠰᠡᠨ ᠪᠥᠭᠡᠳ ᠡᠳᠡᠭᠡᠷ ᠦᠵᠡᠭᠦᠯᠦᠯᠭᠡ ᠶᠢᠨ ᠴᠡᠭ ᠤᠨ ᠤᠯᠠᠨ ᠲᠠᠯ᠎ᠠ ᠠᠴᠠ ᠬᠥᠳᠡᠭᠡ

ᠲᠣᠰᠬᠤᠨ ᠤ ᠦᠨᠳᠦᠰᠦᠨ ᠱᠠᠲᠤᠨ ᠤ ᠵᠠᠰᠠᠯᠲᠠ ᠶᠢ ᠥᠨᠳᠥᠷ ᠪᠦᠲᠦᠮᠵᠢᠲᠡᠢ ᠶᠠᠪᠤᠭᠳᠠᠭᠤᠯᠬᠤ ᠶᠢ ᠠᠬᠢᠭᠤᠯᠬᠤ᠂

ᠬᠤᠪᠢᠰᠬᠠᠯ ᠤᠨ ᠡᠬᠢ ᠪᠠᠶᠠᠯᠢᠭ ᠢ ᠠᠮᠢᠳᠤᠯᠢᠭ ᠢᠶᠠᠷ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ᠂ ᠲᠣᠰᠬᠤᠨ

ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠵᠦ ᠬᠠᠮᠲᠤ ᠪᠠᠷ ᠬᠥᠭᠵᠢᠬᠦ ᠶᠢ ᠠᠬᠢᠭᠤᠯᠬᠤ᠂ ᠬᠠᠪᠰᠤᠷᠤᠨ ᠲᠡᠳᠬᠦᠬᠦ

ᠳᠠᠪᠠᠭᠤᠯᠢᠭ ᠢᠶᠠᠨ ᠠᠰᠢᠭᠯᠠᠨ ᠾᠧ ᠮᠧᠢ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠣᠭᠴᠠᠯᠠᠬᠤ ᠵᠡᠷᠭᠡ ᠲᠠᠯ᠎ᠠ ᠶᠢᠨ

ᠨᠡᠶᠢᠲᠡᠯᠢᠭ ᠵᠢᠱᠢᠶ᠎ᠡ ᠶᠢ ᠨᠠᠷᠢᠨ ᠣᠶᠢᠯᠠᠭᠠᠪᠠ᠃

    ᠠᠵᠢᠯᠯᠠᠭ᠎ᠠ ᠶᠢᠨ ᠬᠤᠭᠤᠴᠠᠭᠠᠨ ᠳᠤ᠂ ᠠᠵᠢᠯᠯᠠᠭ᠎ᠠ ᠳᠤ ᠣᠷᠣᠯᠴᠠᠭᠰᠠᠳ ᠰᠢᠶᠠᠨ ᠤ ᠨᠠᠮ ᠵᠠᠰᠠᠭ ᠤᠨ ᠲᠤᠮᠤ ᠠᠰᠠᠷ ᠤᠨ

ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠪᠦᠬᠦ ᠰᠢᠶᠠᠨ ᠤ 6 ᠰᠢᠶᠠᠩ ᠪᠠᠯᠭᠠᠰᠤ ᠠᠴᠠ ᠢᠷᠡᠭᠰᠡᠨ 12 ᠨᠠᠮ ᠤᠨ

ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠣᠷᠣᠯᠴᠠᠭᠰᠠᠨ ︽ᠵᠡᠪᠰᠡᠭ ᠤᠨ ᠡᠷᠳᠡᠮ ᠤᠨ ᠮᠥᠷᠦ᠋ᠢᠴᠡᠭᠡᠨ︾ ᠲᠠᠶᠢᠰᠠᠨ ᠤ

ᠤᠷᠤᠯᠳᠤᠭᠠᠨ ᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠦ᠂ ᠲᠤᠰ ᠤᠳᠠᠭ᠎ᠠ ᠶᠢᠨ ᠤᠷᠤᠯᠳᠤᠭᠠᠨ ᠤ ᠲᠠᠪᠴᠠᠩ ᠤᠨ

ᠮᠥᠷᠦ᠋ᠢᠴᠡᠭᠡᠨ ᠨᠢ 100 ᠬᠤᠪᠢ ᠬᠤᠪᠢᠶᠠᠵᠤ᠂ ᠲᠤᠬᠠᠢ ᠶᠢᠨ ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ ᠬᠢᠬᠦ ᠪᠠ

PPT ᠦᠵᠡᠭᠦᠯᠭᠡ ᠪᠠᠷ ᠭᠤᠣᠯ ᠬᠡᠯᠪᠡᠷᠢ ᠪᠣᠯᠭᠠᠵᠤ᠂ ᠲᠤᠬᠠᠢ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ᠂

ᠨᠡᠶᠢᠭᠡᠮ ᠤᠨ ᠵᠠᠰᠠᠯᠲᠠ᠂ ᠰᠣᠶᠣᠯ ᠢᠷᠭᠡᠨᠰᠢᠯ ᠤᠨ ᠣᠷᠴᠢᠨ ᠲᠣᠭᠤᠷᠢᠨ᠂ ᠨᠠᠮ ᠤᠨ ᠪᠠᠶᠢᠭᠤᠯᠤᠯᠲᠠ ᠪᠣᠯᠤᠨ ᠣᠨᠴᠠᠯᠢᠭ ᠲᠠᠢ

ᠬᠢᠯᠠᠰ ᠴᠡᠭ ᠢ ᠳᠡᠯᠭᠡᠨ ᠦᠵᠡᠭᠦᠯᠬᠦ ᠪᠠᠷ ᠭᠤᠣᠯ ᠬᠡᠯᠪᠡᠷᠢ ᠪᠣᠯᠭᠠᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂

ᠡᠴᠦᠰ ᠲᠡᠭᠡᠨ 6 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ᠂ ᠬᠤᠶᠠᠳᠤᠭᠠᠷ᠂

ᠭᠤᠷᠪᠠᠳᠤᠭᠠᠷ ᠳᠡᠰ ᠤᠨ ᠱᠠᠩᠨᠠᠯ ᠣᠯᠵᠤ᠂ ᠪᠤᠰᠤᠳ 6 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ

ᠰᠢᠯᠢᠳᠡᠭ ᠱᠠᠩᠨᠠᠯ ᠭᠥᠷᠳᠡᠪᠡ᠃

    ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ

ᠬᠤᠰᠢᠭᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠲᠤᠬᠠᠢ ᠶᠢᠨ ᠲᠠᠯᠠᠪᠠᠢ ᠶᠢᠨ

ᠬᠤᠷᠠᠯ ᠳᠤ ᠣᠷᠣᠯᠴᠠᠭᠰᠠᠨ ᠠᠵᠢᠯᠲᠠᠳ ᠬᠤᠸᠠᠳᠧ ᠰᠢᠶᠠᠨ ᠤ ᠮᠧᠩ ᠰᠢᠨ ᠮᠠᠯ ᠠᠵᠤ ᠠᠬᠤᠢ ᠶᠢᠨ ᠬᠢᠵᠠᠭᠠᠷᠲᠤ

ᠬᠠᠷᠢᠭᠤᠴᠠᠯᠭᠠᠲᠤ ᠺᠣᠮᠫᠠᠨᠢ᠂ ᠬᠤᠸᠠᠳᠧ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ

ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠥᠪᠥᠷ ᠮᠣᠩᠭᠤᠯ ᠤᠨ ᠬᠤᠸᠠ ᠴᠧᠨ ᠳᠠᠬᠢᠯᠲᠠ ᠡᠬᠢ

ᠪᠠᠶᠠᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠲᠤᠬᠠᠢ ᠶᠢᠨ ᠭᠠᠵᠠᠷ ᠲᠤᠨᠢ ᠲᠣᠭᠤᠷᠢᠨ

ᠦᠵᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠠᠵᠤ ᠦᠢᠯᠡᠰ ᠤᠨ ᠬᠥᠭᠵᠢᠯᠲᠡ ᠶᠢᠨ

ᠪᠠᠶᠢᠳᠠᠯ ᠢ ᠨᠠᠷᠢᠨ ᠣᠶᠢᠯᠠᠭᠠᠪᠠ︔ ᠲᠤᠬᠠᠢ ᠶᠢᠨ ᠲᠠᠯᠠᠪᠠᠢ ᠳᠤ ᠬᠤᠸᠠᠳᠧ ᠰᠢᠶᠠᠨ ᠤ 12 ᠲᠣᠰᠬᠤᠨ ᠤ ᠨᠠᠮ ᠤᠨ ᠵᠣᠬᠢᠶᠠᠨ

ᠪᠠᠶᠢᠭᠤᠯᠤᠯᠲᠠ ᠶᠢᠨ ᠱᠦᠵᠢ ᠶᠢᠨ ︽ᠡᠷᠳᠡᠮ ᠤᠨ ᠮᠥᠷᠦ᠋ᠢᠴᠡᠭᠡᠨ︾ ᠤ ᠲᠠᠶᠢᠰᠠᠨ ᠤ ᠤᠷᠤᠯᠳᠤᠭᠠᠨ ᠢ ᠲᠣᠭᠤᠷᠢᠨ ᠦᠵᠡᠪᠡ︔

ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ

ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠶᠠᠷᠢᠯᠴᠠᠬᠤ ᠬᠤᠷᠠᠯ ᠢ

ᠬᠤᠷᠠᠯᠳᠤᠭᠤᠯᠵᠤ᠂ ᠬᠤᠯᠪᠣᠭᠳᠠᠯ ᠪᠦᠬᠦᠢ ᠠᠶᠢᠮᠠᠭ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠤᠨ ᠬᠤᠪᠢᠳᠠᠨ

ᠬᠠᠮᠢᠶᠠᠷᠬᠤ ᠬᠠᠷᠢᠭᠤᠴᠠᠯᠭᠠᠲᠠᠨ ᠵᠢᠴᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ

ᠬᠠᠪᠰᠤᠷᠤᠨ ᠲᠡᠳᠬᠦᠬᠦ 10 ᠬᠤᠰᠢᠭᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ

ᠬᠠᠷᠢᠭᠤᠴᠠᠯᠭᠠᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ

ᠬᠦᠴᠦᠨ ᠨᠡᠮᠡᠷᠢᠯᠡᠬᠦ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2