8 ᠰᠠᠷ᠎ᠠ ᠶᠢᠨ 8 ᠤ ᠡᠳᠦᠷ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠤ ᠵᠢᠶ ᠱᠧᠩ | ᠬᠤᠸᠠᠳᠧ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ | ᠬᠤᠷᠢᠶᠠᠨ ᠤ ᠲᠤᠰᠬᠠᠶ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠬᠤᠷᠠᠯ ᠬᠤᠷᠠᠯᠳᠤᠭᠤᠯᠵᠤ᠂ ︽ᠭᠤᠷᠪᠠᠨ ᠤᠮᠠᠷᠠᠲᠤ︾ | ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ | ᠵᠠᠰᠠᠬᠤ ᠶᠢ ᠴᠢᠩᠭᠠᠳᠬᠠᠬᠤ ᠶᠢᠨ ᠲᠣᠭᠤᠷᠢᠨ ᠳᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠳᠡᠯᠴᠡᠭᠡ | ᠬᠢᠪᠠ᠃ | | ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠬᠤᠩ ᡁᠢ ᠪᠥᠬᠦ ᠰᠢᠶᠠᠨ ᠤ ︽ | ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠴᠦᠯᠯᠡᠷᠭᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠭᠰᠠᠨ ᠪᠠᠶᠢᠳᠠᠯ ᠢ ᠬᠠᠷᠢᠭᠤ ᠮᠡᠳᠡᠭᠦᠯᠪᠡ᠃ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠴᠢᠩ ᠾᠧ ᠲᠤᠰᠬᠠᠶ ᠰᠡᠳᠦᠪᠲᠦ ᠬᠢᠨᠠᠯᠲᠠ ᠲᠠᠯᠪᠢᠬᠤ ᠮᠠᠶ᠋ᠢᠭ ᠤᠨ ᠵᠥᠪᠯᠡᠬᠦ | ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠬᠤᠷᠠᠯ ᠳᠤ ᠣᠷᠣᠯᠴᠠᠭᠰᠠᠨ ᠡᠯ᠎ᠡ ᠤᠯᠤᠰ ᠲᠦᠷᠦ ᠶᠢᠨ | ᠵᠥᠪᠯᠡᠯᠭᠡᠨ ᠤ ᠪᠠᠶᠢᠩᠭᠤ ᠶᠢᠨ ᠭᠡᠰᠢᠭᠦᠨ ᠪᠣᠯᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠨᠡᠷ ᠲᠡᠰ | ᠳᠠᠷᠠᠭᠠᠯᠠᠨ ᠶᠠᠷᠢᠶ᠎ᠠ ᠲᠠᠯᠪᠢᠵᠤ᠂ ᠮᠠᠨ ᠤ ᠰᠢᠶᠠᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢ ᠠᠬᠢᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠢ | ᠰᠠᠨᠠᠯ ᠰᠠᠨᠠᠭᠤᠯᠭ᠎ᠠ ᠳᠤᠷᠠᠳᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠺᠠᠳ᠋ᠷ ᠪᠣᠯᠤᠨ ᠥᠷᠭᠡᠨ ᠣᠯᠠᠨ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠤᠯᠳᠠᠯᠭ᠎ᠠ ᠲᠠᠢ ᠠᠮᠢ | ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠢᠴᠡᠳ ᠪᠠᠳᠠᠷᠠᠭᠤᠯᠵᠤ᠂ ᠲᠣᠰ ᠤᠳᠠᠭᠠᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ | ᠬᠤᠯᠪᠣᠭᠠᠯᠠᠨ ᠬᠥᠳᠡᠯᠦᠯᠴᠡᠵᠦ ᠲᠤᠰᠬᠠᠶ ᠰᠡᠳᠦᠪᠲᠦ ᠬᠢᠨᠠᠯᠲᠠ ᠲᠠᠯᠪᠢᠬᠤ ᠴᠢᠨᠠᠷᠲᠠᠶ ᠵᠥᠪᠯᠡᠯᠭᠡ ᠬᠢᠬᠦ ᠪᠠᠷ ᠠᠵᠠ ᠲᠣᠬᠢᠶᠠᠯ | ᠪᠣᠯᠭᠠᠵᠤ᠂ ᠵᠥᠪᠯᠡᠯᠭᠡᠨ ᠤ ᠮᠡᠳᠡᠭᠦᠯᠦᠯᠲᠡ ᠶᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ | ᠵᠥᠪᠳᠡᠯᠴᠡᠬᠦ ᠭᠦᠨᠴᠡ ᠪᠠ ᠥᠷᠭᠡᠴᠡ ᠶᠢ ᠴᠢᠩᠭᠠᠳᠬᠠᠨ᠂ ᠵᠥᠪᠯᠡᠯᠭᠡᠨ ᠤ ᠦᠷ᠎ᠡ ᠪᠦᠲᠦᠭᠡᠯ ᠤᠨ ᠰᠠᠨᠠᠯ ᠤᠨ ᠬᠠᠷᠢᠭᠤ | ᠲᠤᠰᠬᠠᠯ ᠢ ᠰᠠᠶᠢᠲᠤᠷ ᠬᠢᠵᠦ᠂ ᠵᠥᠪᠯᠡᠯᠭᠡᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠂ ᠵᠥᠪᠯᠡᠯᠭᠡᠨ ᠤ | ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ | ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠶᠢᠨ | ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ᠂ ︽ᠬᠤᠶᠠᠷ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ᠂ ︽ | ᠵᠢᠷᠭᠤᠭᠠᠨ ᠢᠨᠵᠧᠨᠧᠷᠢᠩ︾ ᠢ ᠰᠠᠶᠢᠲᠤᠷ ᠨᠠᠶᠢᠳᠠᠪᠤᠷᠢᠵᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ | ᠬᠡᠷᠡᠭᠲᠡᠶ ᠭᠡᠵᠡᠶ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ | ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢᠶᠠᠩ ᠵᠢᠶᠦ᠋ᠨ ᠲᠢᠩ᠂ | ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠭᠡᠰᠢᠭᠦᠨ᠂ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ᠂ ᠤᠯᠤᠰ | ᠲᠦᠷᠦ ᠶᠢᠨ ᠵᠥᠪᠯᠡᠯᠭᠡᠨ ᠤ ᠡᠯ᠎ᠡ ᠲᠤᠰᠬᠠᠢ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠪᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ ᠠᠨᠵᠸᠯ | |