ᠬᠤᠸᠠᠳᠧ ᠰᠢᠶᠠᠨ 2024 ᠣᠨ ᠤ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/8/15

    16 ᠳ᠋ᠤᠭᠠᠷ ᠤᠳᠠᠭᠠᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂

ᠥᠷᠭᠡᠨ ᠣᠯᠠᠨ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ ᠢᠳᠡᠪᠬᠢᠲᠡᠢ ᠣᠷᠣᠯᠴᠠᠬᠤ ᠶᠢ

ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠰᠠᠶᠢᠨ ᠰᠠᠶᠢᠬᠠᠨ ᠪᠣᠯᠪᠠᠰᠤᠷᠠᠯ ᠤᠨ ᠳᠠᠳᠬᠠᠯ ᠢ ᠪᠤᠢ ᠪᠣᠯᠭᠠᠵᠤ᠂ ᠪᠦᠬᠦ

ᠠᠷᠠᠳ ᠤᠨ ᠪᠡᠶ᠎ᠡ ᠴᠢᠭᠢᠷᠠᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ 8 ᠰᠠᠷ᠎ᠠ ᠶᠢᠨ 8 ᠤ ᠡᠳᠦᠷ

᠂ ᠬᠤᠸᠠᠳᠧ ᠰᠢᠶᠠᠨ 2024 ᠣᠨ ᠤ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠭᠤᠣᠯ ᠰᠡᠳᠦᠪᠲᠦ

ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠰᠢᠨ

ᠣᠷᠣᠯᠴᠠᠪᠠ᠃

1723169954308030209.png

    ᠡᠬᠢᠯᠡᠯᠲᠡ ᠶᠢᠨ ᠶᠣᠰᠣᠯᠠᠯ ᠳᠡᠭᠡᠷ᠎ᠡ᠂ ᠯᠢ ᠰᠢᠨ ᠪᠠᠶᠠᠷ ᠤᠨ ᠦᠭᠡ ᠳᠡᠭᠡᠨ ᠪᠦᠬᠦ ᠰᠢᠶᠠᠨ ᠤ ᠠᠷᠠᠳ ᠤᠯᠠᠨ

ᠰᠠᠨᠠᠭᠠᠴᠢᠯᠠᠭ᠎ᠠ ᠠᠴᠠ ᠪᠠᠨ ︽ᠭᠡᠷ ᠠᠴᠠ ᠪᠠᠨ ᠭᠠᠷᠴᠤ︾᠂ ᠡᠯ᠎ᠡ ᠵᠦᠢᠯ ᠤᠨ ᠤᠷᠤᠯᠳᠤᠭᠠᠨ ᠤ ᠠᠵᠢᠯᠯᠠᠭ᠎ᠠ ᠳᠤ ᠢᠳᠡᠪᠬᠢᠲᠡᠢ

ᠣᠷᠣᠯᠴᠠᠵᠤ᠂ ᠬᠥᠳᠡᠯᠭᠡᠭᠡᠨ ᠢ ᠳᠠᠳᠬᠠᠯ ᠪᠣᠯᠭᠠᠵᠤ᠂ ᠪᠡᠶ᠎ᠡ ᠶᠢᠨ ᠲᠠᠮᠢᠷ ᠢ ᠠᠮᠢᠳᠤᠷᠠᠯ ᠳᠤ ᠣᠷᠣᠭᠤᠯᠵᠤ᠂ ᠪᠡᠶ᠎ᠡ ᠶᠢᠨ

ᠲᠠᠮᠢᠷ ᠤᠨ ᠬᠥᠳᠡᠯᠭᠡᠭᠡᠨ ᠤ ᠳᠤᠮᠳᠠ ᠡᠷᠡᠭᠦᠯ ᠮᠡᠨᠳᠦ ᠶᠢ ᠣᠯᠵᠤ᠂ ᠡᠷᠡᠭᠦᠯ ᠮᠡᠨᠳᠦ ᠶᠢᠨ ᠳᠤᠮᠳᠠ ᠪᠠᠶᠠᠷ ᠪᠠᠶᠠᠰᠤᠯ ᠢ

ᠬᠦᠷᠲᠡᠭᠡᠬᠦ ᠶᠢ ᠬᠦᠰᠡᠪᠡ᠃

1723170118238031828.png

    ᠲᠣᠰ ᠤᠳᠠᠭᠠᠨ ᠤ ᠠᠵᠢᠯᠯᠠᠭ᠎ᠠ ᠨᠢ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠣᠯᠢᠮᠫᠢᠺ ᠤᠨ ᠪᠡᠶ᠎ᠡ ᠶᠢᠨ

ᠲᠠᠮᠢᠷ ᠤᠨ ᠴᠤᠭᠯᠠᠭᠠᠨ ᠢ ᠵᠡᠷᠭᠡᠪᠡᠷ ᠠᠳᠬᠤᠬᠤ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠤ

ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠩᠬᠠᠷᠴᠤ᠂ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ

ᠳᠡᠮᠵᠢᠵᠦ᠂ ᠠᠯᠢ ᠣᠯᠠᠨ ᠡᠯᠪᠡᠭ ᠪᠠᠶᠠᠯᠢᠭ ᠠᠭᠤᠯᠭ᠎ᠠ ᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ

ᠡᠷᠭᠢᠯᠡᠵᠦ᠂ ᠪᠡᠶ᠎ᠡ ᠶᠢᠨ ᠲᠠᠮᠢᠷ ᠤᠨ ᠰᠣᠶᠣᠯ ᠢ ᠤᠯᠠᠮᠵᠢᠯᠠᠨ ᠳᠡᠯᠭᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ

ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ

ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠶᠡᠬᠡᠪᠡᠷ ᠠᠬᠢᠭᠤᠯᠵᠤ᠂ ᠪᠡᠶ᠎ᠡ ᠶᠢᠨ ᠲᠠᠮᠢᠷ ᠢ ᠴᠢᠬᠤᠯᠠᠴᠢᠯᠠᠬᠤ᠂ ᠪᠡᠶ᠎ᠡ ᠶᠢᠨ

ᠲᠠᠮᠢᠷ ᠢ ᠳᠡᠮᠵᠢᠬᠦ᠂ ᠪᠡᠶ᠎ᠡ ᠶᠢᠨ ᠲᠠᠮᠢᠷ ᠲᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ

ᠣᠯᠠᠨ ᠰᠠᠭᠤᠭᠠᠯᠢ ᠠᠷᠠᠳ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠢᠳᠡᠪᠬᠢᠵᠢᠯ ᠢ ᠭᠦᠶ᠋ᠴᠡᠳ

ᠳᠠᠶᠢᠴᠢᠯᠠᠨ᠎ᠠ᠃

    ︽ᠲᠡᠪᠡᠭ ᠢᠰᠬᠦᠯᠬᠦ ᠪᠣᠯ ᠨᠢᠭᠡᠨ ᠵᠦᠢᠯ ᠤᠨ ᠮᠠᠰᠢ ᠰᠠᠶᠢᠨ ᠬᠥᠳᠡᠯᠭᠡᠭᠡᠨ ᠮᠥᠨ᠂ ᠲᠡᠪᠡᠭ ᠢᠰᠬᠦᠯᠦᠭᠰᠡᠨ ᠤ ᠳᠠᠷᠠᠭ᠎ᠠ

ᠪᠡᠶ᠎ᠡ ᠴᠤ ᠰᠤᠯᠠᠷᠠᠵᠤ᠂ ᠬᠥᠯ ᠨᠢ ᠴᠦ ᠠᠮᠢᠳᠤᠯᠢᠭ ᠪᠣᠯᠵᠤ᠂ ᠠᠰᠢᠭ ᠬᠦᠷᠲᠡᠬᠦ ᠨᠢ ᠶᠡᠭᠡ ᠶᠤᠮ︾ ᠭᠡᠵᠡᠢ᠃ ᠬᠤᠧᠳᠧ

ᠱᠢᠶᠠᠨ ᠶᠢᠨ ᠤᠲᠤᠭ ᠲᠡᠪᠡᠭ ᠪᠥᠮᠪᠦᠭᠡ ᠶᠢᠨ ᠺᠯᠦ᠋ᠪ ᠤᠨ ᠰᠦᠸᠧ ᠸᠤᠨ ᠬᠡᠯᠡᠪᠡ᠃

    ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂

ᠪᠥᠵᠢᠭ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ᠂ ᠪᠡᠯᠬᠡ ᠲᠠᠢ ᠬᠡᠩᠭᠡᠷᠭᠡ᠂ ᠤᠯᠠᠮᠵᠢᠯᠠᠯᠲᠤ ᠮᠤᠷᠢᠨ ᠪᠠᠩᠵᠠᠯ ᠤᠨ

ᠦᠵᠡᠭᠦᠯᠭᠡ᠂ ᠲᠡᠪᠡᠭᠡᠷ ᠤᠨ ᠦᠵᠡᠭᠦᠯᠦᠯᠭᠡ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠲᠤᠬᠠᠶ ᠶᠢᠨ ᠲᠠᠯᠠᠪᠠᠢ ᠶᠢᠨ

ᠦᠵᠡᠭᠴᠢᠳ ᠲᠤ ᠨᠢᠭᠡ ᠤᠳᠠᠭᠠᠨ ᠤ ᠬᠠᠷᠠᠭᠠᠨ ᠤ ᠦᠪᠡᠳᠡᠭᠰᠢ ᠨᠠᠶᠢᠷ ᠢ ᠠᠪᠴᠢᠷᠠᠭᠰᠠᠨ ᠢᠶᠠᠷ ᠪᠠᠷᠠᠬᠤ ᠦᠭᠡᠢ᠂ ᠣᠯᠠᠨ ᠤ

ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠡᠢ᠃

    ᠤᠢᠢᠷ᠎ᠠ ᠶᠢᠨ ᠵᠢᠯ ᠠᠴᠠ᠂ ᠬᠤᠸᠠᠳᠧ ᠰᠢᠶᠠᠨ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠪᠦᠬᠦ

ᠠᠷᠠᠳ ᠤᠨ ᠪᠡᠶ᠎ᠡ ᠴᠢᠭᠢᠷᠠᠭᠵᠢᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂

ᠪᠦᠬᠦ ᠠᠷᠠᠳ ᠢᠶᠠᠷ ᠢᠶᠠᠨ ᠣᠷᠣᠯᠴᠠᠬᠤ ᠪᠠᠷ ᠤᠳᠤᠷᠢᠳᠤᠮᠵᠢ ᠪᠣᠯᠭᠠᠵᠤ᠂ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠶᠢ

ᠲᠡᠭᠦᠯᠳᠡᠷᠵᠢᠭᠦᠯᠬᠦ ᠪᠠᠷ ᠭᠠᠷᠳᠠᠴᠠ ᠪᠣᠯᠭᠠᠵᠤ᠂ ᠠᠵᠢᠯᠯᠠᠭ᠎ᠠ ᠪᠣᠯᠤᠨ ᠲᠠᠯᠠᠪᠠᠢ ᠶᠢᠨ ᠲᠥᠬᠦᠭᠡᠷᠦᠮᠵᠢ ᠶᠢᠨ ᠪᠦᠳᠦᠭᠡᠨ

ᠪᠠᠶᠢᠭᠤᠯᠤᠯᠲᠠ ᠪᠠᠷ ᠬᠥᠳᠡᠯᠭᠡᠭᠦᠷ ᠪᠣᠯᠭᠠᠵᠤ᠂ ᠬᠠᠮᠲᠤᠪᠠᠷ ᠡᠳ᠋ᠯᠡᠬᠦ ᠪᠠᠷ ᠠᠳᠠᠯᠢ ᠲᠡᠭᠰᠢ ᠪᠠᠶᠢᠬᠤ ᠤᠯᠠᠨ ᠨᠡᠶᠢᠲᠡ ᠶᠢᠨ

ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠤᠯᠠᠨ ᠬᠠᠷᠠᠭᠠᠰᠤ᠂ ᠤᠯᠠᠨ ᠠᠷᠭ᠎ᠠ ᠵᠠᠮ᠂ ᠤᠯᠠᠨ

ᠲᠡᠰ ᠳᠠᠪᠬᠤᠷᠭ᠎ᠠ ᠪᠠᠷ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠤᠯᠠᠨ ᠲᠦᠮᠡᠨ ᠤ

ᠪᠡᠶ᠎ᠡ ᠶᠢᠨ ᠲᠠᠮᠢᠷ ᠤᠨ ᠦᠢᠯᠡᠰ ᠥᠷᠨᠢᠭᠦᠨ ᠬᠥᠭᠵᠢᠩᠭᠦᠢ ᠠᠮᠢᠵᠢᠷᠠᠯ ᠤᠨ ᠬᠦᠴᠦᠨ ᠲᠠᠢ ᠪᠣᠯᠪᠠ᠃ ︽ᠪᠥᠬᠦ ᠲᠠᠯ᠎ᠠ ᠪᠠᠷ

ᠪᠡᠶ᠎ᠡ ᠴᠢᠭᠢᠷᠠᠭᠵᠢᠭᠤᠯᠬᠤ ᠶᠢᠨ ᠠᠴᠢ ᠬᠤᠯᠪᠣᠭᠳᠠᠯ ᠨᠢ ᠤᠯᠤᠰ ᠠᠷᠠᠳ ᠤᠨ ᠪᠡᠶ᠎ᠡ ᠮᠠᠬᠠᠪᠣᠳ ᠢ ᠳᠡᠭᠡᠭᠰᠢᠯᠡᠭᠦᠯᠵᠦ᠂

ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠪᠠᠶᠢᠨ᠎ᠠ᠂ ᠪᠠᠰᠠ ᠨᠡᠶᠢᠭᠡᠮ ᠰᠣᠶᠣᠯ ᠤᠨ ᠠᠮᠢᠳᠤᠷᠠᠯ ᠢ

ᠪᠠᠶᠠᠯᠢᠭᠵᠢᠭᠤᠯᠬᠤ ᠶᠢᠨ ᠲᠥᠯᠥᠭᠡ ᠶᠤᠮ︾ ᠭᠡᠵᠡᠶ᠃ ᠰᠢᠶᠠᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ

ᠲᠥᠪ ᠤᠨ ᠡᠷᠬᠢᠯᠡᠭᠴᠢ ᠯᠢ ᠵᠢᠩ᠂ ᠪᠢᠳᠡ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠶᠡᠬᠡᠪᠡᠷ

ᠬᠥᠭᠵᠢᠭᠦᠯᠬᠦ ᠪᠠᠷ ᠳᠠᠮᠵᠢᠭᠤᠯᠤᠨ᠂ ᠬᠥᠮᠥᠰ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠦ᠂ ᠡᠶ᠎ᠡ

ᠵᠣᠬᠢᠴᠠᠯ ᠲᠠᠢ ᠨᠡᠶᠢᠭᠡᠮ ᠢ ᠪᠠᠶᠢᠭᠤᠯᠤᠨ᠎ᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄  ᠭᠠᠩᠭ᠎ᠠ  ᠠᠨᠵᠸᠯ

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2