ᠪᠦᠬᠦ ᠰᠢᠶᠠᠨ ᠤ ᠬᠤᠶᠠᠳᠤᠭᠠᠷ ᠤᠯᠠᠷᠢᠯ ᠤᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠨᠡᠪᠲᠡᠷᠡᠭᠦᠯᠭᠡ
ᠨᠡᠶᠢᠲᠡᠯᠡᠭᠰᠡᠨ ᠴᠠᠭ᠄
2024/8/15

    ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ᠄

    ︽ᠬᠤᠸᠠᠳᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ

ᠮᠥᠴᠢᠷ ᠤᠨ ᠬᠠᠮᠲᠤᠷᠠᠨ ︿ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢᠨ

ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ

ᠶᠣᠰᠣᠭᠠᠷ᠂ ᠡᠯ᠎ᠡ ᠨᠢᠭᠡᠴᠡ ᠶᠢᠨ ᠠᠵᠢᠯ ᠤᠨ ᠠᠬᠢᠴᠠ ᠶᠢᠨ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠠᠮᠢᠶ᠎ᠠ

ᠪᠥᠬᠦᠶ ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠄

    ᠨᠢᠭᠡ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠭᠰᠠᠨ ᠪᠠᠶᠢᠳᠠᠯ

    6 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ

ᠵᠠᠩᠭᠢ ᠶᠢ ᠨᠡᠶᠢᠲᠡ 1221 ᠵᠤᠷᠪᠤᠰ ᠴᠤᠭᠯᠠᠭᠤᠯᠪᠠ᠃ ᠡᠭᠦᠨ ᠳᠤ᠄ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠲᠣᠪᠴᠢᠶ᠎ᠠ 1012 ᠵᠣᠷᠪᠤᠰ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ

ᠮᠡᠷᠭᠡᠵᠢᠯ ᠤᠨ ᠲᠣᠪᠴᠢᠶ᠎ᠠ 1 ᠵᠣᠷᠪᠤᠰ᠂ ᠰᠣᠶᠣᠯ ᠵᠢᠭᠤᠯᠴᠢᠯᠠᠯ ᠤᠨ ᠲᠣᠪᠴᠢᠶ᠎ᠠ 1 ᠵᠣᠷᠪᠤᠰ᠂ ᠠᠮᠢ ᠠᠬᠤᠶ ᠶᠢᠨ

ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ 80 ᠵᠣᠷᠪᠤᠰ᠂ ᠭᠠᠶᠢᠯᠢ ᠶᠢᠨ ᠶᠠᠪᠤᠳᠠᠯ ᠤᠨ ᠲᠣᠪᠴᠢᠶ᠎ᠠ 76

ᠵᠣᠷᠪᠣᠰ᠂ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ 1 ᠵᠣᠷᠪᠤᠰ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ

ᠲᠣᠪᠴᠢᠶ᠎ᠠ 1 ᠵᠣᠷᠪᠤᠰ︔ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠶᠢ ᠨᠡᠶᠢᠲᠡ 953 ᠵᠤᠷᠪᠤᠰ᠂

ᠡᠭᠦᠨ ᠳᠤ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 561 ᠵᠦᠢᠯ᠂ ᠰᠣᠶᠣᠯ

ᠵᠢᠭᠤᠯᠴᠢᠯᠠᠯ ᠤᠨ ᠲᠣᠪᠴᠢᠶ᠎ᠠ 4 ᠵᠦᠢᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ 273 ᠵᠦᠢᠯ᠂ ᠲᠠᠮᠠᠬᠢ ᠲᠤᠰᠬᠠᠶ

ᠬᠤᠳᠠᠯᠳᠤᠬᠤ ᠲᠣᠪᠴᠢᠶ᠎ᠠ 57 ᠵᠣᠷᠪᠣᠰ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ 56 ᠵᠣᠷᠪᠤᠰ

ᠪᠠᠶᠢᠨ᠎ᠠ᠃

    ᠬᠤᠶᠠᠷ᠂ ᠬᠤᠶᠠᠷ ᠢ ᠲᠠᠰᠢᠷᠠᠮ ᠤᠨ ᠠᠵᠢᠯ ᠢ ᠥᠷᠨᠢᠭᠦᠯᠦᠭᠰᠡᠨ ᠪᠠᠶᠢᠳᠠᠯ

    ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 3 ᠵᠦᠢᠯ᠂ ᠲᠤᠭ᠎ᠠ ᠪᠦᠷᠢᠳᠬᠡᠯ ᠤᠨ ᠲᠣᠪᠴᠢᠶ᠎ᠠ 3

ᠵᠦᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 1 ᠵᠦᠢᠯ᠂ ᠭᠠᠶᠢᠯᠢ ᠶᠢᠨ ᠶᠠᠪᠤᠳᠠᠯ ᠤᠨ

ᠲᠣᠪᠴᠢᠶ᠎ᠠ 1 ᠵᠣᠷᠪᠤᠰ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ 1 ᠵᠤᠷᠪᠤᠰ︔ ᠰᠠᠯᠠᠭ᠎ᠠ ᠮᠥᠴᠢᠷ

ᠠᠯᠤᠰᠯᠠᠨ ᠪᠠᠶᠢᠴᠠᠭᠠᠬᠤ ᠡᠭᠦᠷᠭᠡ 20 ᠵᠤᠷᠪᠣᠰ᠂ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ᠶᠢᠨ

1 ᠵᠦᠢᠯ᠂ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ᠶᠢᠨ 1 ᠵᠦᠢᠯ᠂ ᠳᠣᠲᠣᠭᠠᠳᠤ ᠶᠢ

ᠬᠠᠮᠠᠭᠠᠯᠠᠬᠤ ᠲᠣᠪᠴᠢᠶ᠎ᠠ ᠶᠢᠨ 5 ᠵᠦᠢᠯ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ

ᠲᠣᠪᠴᠢᠶ᠎ᠠ ᠶᠢᠨ 1 ᠵᠦᠢᠯ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ 1 ᠵᠦᠢᠯ᠂ ᠠᠮᠢ ᠠᠬᠤᠶ ᠣᠷᠴᠢᠨ

ᠲᠣᠭᠤᠷᠢᠨ ᠤ ᠬᠤᠪᠢᠶᠠᠷᠢ ᠲᠣᠪᠴᠢᠶ᠎ᠠ ᠶᠢᠨ 2 ᠵᠦᠢᠯ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ 1 ᠵᠦᠢᠯ᠂ ᠭᠠᠯ

ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ 2 ᠵᠤᠷᠪᠤᠰ᠂ ᠪᠤᠰᠤᠳ ᠰᠠᠯᠠᠭ᠎ᠠ ᠮᠥᠴᠢᠷ ᠪᠠᠶᠢᠴᠠᠭᠠᠬᠤ

ᠡᠭᠦᠷᠭᠡ ᠪᠠᠨ ᠲᠣᠭᠲᠠᠭᠠᠭᠰᠠᠨ ᠥᠬᠡᠶ᠃

︵ᠬᠤᠶᠠᠷ︶ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢᠨ ᠲᠠᠯ᠎ᠠ ᠪᠠᠷ᠄ 6 ᠳ᠋ᠤᠭᠠᠷ ᠰᠠᠷ᠎ᠠ ᠶᠢᠨ

ᠰᠡᠭᠦᠯᠴᠢ ᠪᠣᠯᠲᠠᠯ᠎ᠠ᠂ ᠪᠥᠬᠦ ᠰᠢᠶᠠᠨ ᠢᠶᠠᠷ ᠢᠶᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ

1158 ᠵᠤᠷᠪᠤᠰ ᠲᠣᠭᠲᠠᠭᠠᠨ᠎ᠠ᠃ ᠡᠭᠦᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

434 ᠵᠤᠷᠪᠤᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ 7 ᠵᠦᠢᠯ᠂ ᠠᠵᠤ ᠦᠢᠯᠡᠳᠪᠦᠷᠢ ᠮᠡᠳᠡᠭᠡ

ᠵᠠᠩᠭᠢᠵᠢᠯᠲᠠ ᠶᠢᠨ ᠲᠣᠪᠴᠢᠶ᠎ᠠ ᠶᠢᠨ 12 ᠵᠦᠢᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ 10

ᠵᠦᠢᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 184 ᠵᠦᠢᠯ᠂ ᠬᠠᠤᠯᠢ ᠴᠠᠭᠠᠵᠠ ᠶᠢᠨ ᠲᠣᠪᠴᠢᠶ᠎ᠠ ᠶᠢᠨ 4

ᠵᠦᠢᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ 2 ᠵᠦᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 8 ᠵᠦᠢᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ

18 ᠵᠦᠢᠯ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ 85 ᠵᠦᠢᠯ

᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ 5 ᠵᠦᠢᠯ᠂ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ

85 ᠵᠦᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 13 ᠵᠦᠢᠯ᠂ ᠠᠮᠢ ᠠᠬᠤᠶ ᠶᠢᠨ ᠣᠷᠴᠢᠨ

ᠲᠣᠭᠤᠷᠢᠨ ᠤ ᠬᠤᠪᠢᠶᠠᠷᠢ ᠲᠣᠪᠴᠢᠶ᠎ᠠ ᠶᠢᠨ 25 ᠵᠦᠢᠯ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ 24 ᠵᠦᠢᠯ᠂

ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ 29 ᠵᠦᠢᠯ᠂ ᠭᠠᠶᠢᠯᠢ ᠶᠢᠨ ᠶᠠᠪᠤᠳᠠᠯ ᠤᠨ

ᠲᠣᠪᠴᠢᠶ᠎ᠠ ᠶᠢᠨ 10 ᠵᠦᠢᠯ᠂ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ᠶᠢᠨ 1 ᠵᠦᠢᠯ᠂ ᠭᠠᠯ

ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ 33 ᠵᠦᠢᠯ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ

ᠬᠡᠷ ᠤᠨ 2 ᠵᠦᠢᠯ ᠪᠤᠢ᠃

    ᠭᠤᠷᠪᠠ᠂ ᠣᠷᠣᠰᠢᠵᠤ ᠪᠠᠶᠢᠭ᠎ᠠ ᠭᠤᠤᠯ ᠠᠰᠠᠭᠤᠳᠠᠯ

    ︵ᠨᠢᠭᠡ︶ ᠴᠢᠬᠤᠯᠠᠴᠢᠯᠠᠵᠤ ᠪᠠᠶᠢᠬᠤ ᠬᠡᠮᠵᠢᠶ᠎ᠡ ᠬᠦᠷᠦᠯᠴᠡᠬᠦ ᠦᠭᠡᠢ᠃ ᠣᠯᠠᠩᠬᠢ ᠰᠠᠯᠠᠭ᠎ᠠ ᠮᠥᠴᠢᠷ ᠤᠳ ︽

ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠤᠨ ᠲᠤᠬᠠᠶ ᠲᠠᠨᠢᠯᠲᠠ ᠶᠢ ᠪᠣᠳᠠᠲᠠᠶᠢᠵᠢᠭᠤᠯᠤᠭᠰᠠᠨ

ᠥᠬᠡᠶ᠂ ᠰᠢᠶᠠᠨ ᠤ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠬᠤᠸᠠᠳᠧ ᠰᠢᠶᠠᠨ ᠤ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠨ ᠬᠤᠯᠪᠣᠭᠠᠯᠠᠭᠰᠠᠨ ︿

ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠦᠯ ᠢ

ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠵᠡᠷᠭᠡ ᠬᠠᠮᠢᠶ᠎ᠠ ᠪᠥᠬᠦᠶ

ᠪᠢᠴᠢᠭ ᠮᠠᠲ᠋ᠧᠷᠢᠶᠠᠯ ᠤᠨ ᠰᠤᠳᠤᠯᠭᠠᠨ ᠨᠢ ᠨᠠᠷᠢᠨ ᠲᠣᠳᠣᠷᠬᠠᠶ ᠥᠬᠡᠶ᠂ ᠬᠠᠮᠢᠶ᠎ᠠ ᠪᠥᠬᠦᠶ ᠠᠵᠢᠯ ᠢ ᠨᠠᠩ ᠭᠦᠨ ᠲᠠᠰ

ᠳᠠᠪᠬᠤᠷᠭ᠎ᠠ ᠪᠠᠷ ᠥᠷᠨᠢᠭᠦᠯᠵᠦ ᠪᠣᠯᠬᠤ ᠥᠬᠡᠶ᠂ ᠪᠥᠬᠦ ᠰᠢᠶᠠᠨ ᠤ ︽ᠬᠤᠶᠠᠷ ᠢ ᠰᠤᠭᠤᠴᠢᠵᠤ᠂ ᠨᠢᠭᠡ ᠶᠢ ᠢᠯᠡ

ᠪᠣᠯᠭᠠᠬᠤ︾ ᠠᠵᠢᠯ ᠤᠨ ᠰᠤᠭᠤᠴᠢᠨ ᠪᠠᠶᠢᠴᠠᠭᠠᠬᠤ ᠶᠢᠨ ᠬᠠᠮᠤᠷᠬᠤ ᠬᠦᠷᠢᠶ᠎ᠡ ᠶᠢ ᠰᠢᠭᠤᠳ ᠨᠥᠯᠥᠭᠡᠯᠡᠭᠰᠡᠨ ᠪᠠᠶᠢᠨ᠎ᠠ᠃

    ︵ᠬᠤᠶᠠᠷ︶ ᠵᠠᠩᠬᠢ ᠴᠤᠭᠯᠠᠭᠤᠯᠬᠤ ᠬᠠᠮᠲᠤ ᠡᠳ᠋ᠯᠡᠬᠦ ᠰᠠᠭᠠᠳ ᠦᠭᠡᠢ᠃ ᠡᠯ᠎ᠡ ᠨᠢᠭᠡᠴᠡ ᠨᠦᠭᠦᠳ ᠬᠤᠶᠠᠷ ᠢ

ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠤᠨ ᠲᠠᠨᠢᠯᠲᠠ ᠶᠢ ᠪᠣᠳᠠᠲᠠᠶᠢᠵᠢᠭᠤᠯᠤᠭᠰᠠᠨ ᠥᠬᠡᠶ᠂ ᠪᠣᠳᠠᠲᠠᠶ

ᠠᠵᠢᠯᠯᠠᠬᠤ ᠬᠥᠮᠦᠰ ᠤᠨ ᠵᠢᠭᠠᠨ ᠲᠣᠭᠲᠠᠭᠠᠭᠰᠠᠨ ︽ᠬᠡᠵᠢᠶ᠎ᠡ ᠬᠡᠷᠡᠭᠯᠡᠪᠡᠯ ᠲᠡᠳᠣᠢ ᠠᠳᠬᠤᠬᠤ︾ ᠦᠵᠡᠭᠳᠡᠯ ᠠᠴᠠ

ᠪᠣᠯᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠮᠡᠳᠡᠭᠡ

ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠢᠯᠡ ᠨᠡᠶᠢᠲᠡᠯᠡᠭᠰᠡᠨ ᠥᠬᠡᠶ᠂ ᠬᠠᠮᠵᠢᠯᠴᠠᠨ ᠬᠢᠨᠠᠨ ᠬᠠᠮᠢᠶᠠᠷᠬᠤ

ᠠᠵᠢᠯ ᠢ ᠤᠳᠠᠭᠠᠰᠢᠷᠠᠭᠤᠯᠪᠠ᠃

    ᠳᠥᠷᠪᠡ᠂ ᠲᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ

    ︵ᠨᠢᠭᠡ︶ ᠡᠯ᠎ᠡ ᠪᠦᠷᠢᠯᠳᠦᠬᠦᠨ ᠨᠢᠭᠡᠴᠡ ᠬᠠᠷᠢᠭᠤᠴᠠᠯᠭ᠎ᠠ ᠳᠤ ᠰᠡᠳᠬᠢᠯᠭᠡ ᠪᠠᠨ 

ᠴᠢᠩᠭᠠᠳᠬᠠᠬᠤ ᠃ ᠲᠣᠰ ᠨᠢᠭᠡᠴᠡ᠂ ᠲᠣᠰ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ

ᠶᠣᠰᠣᠭᠠᠷ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ

ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠬᠦ ᠬᠡᠷᠡᠭᠲᠡᠶ᠃ ᠡᠭᠦᠨ ᠤ ᠬᠠᠮᠲᠤ᠂

ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ

ᠴᠢᠷᠮᠠᠶᠢᠨ ᠪᠣᠶ ᠪᠣᠯᠭᠠᠵᠤ᠂ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢ ᠨᠡᠶᠢᠳᠡᠮ ᠪᠦᠷᠬᠦᠭᠦᠯᠵᠦ᠂ ︽

ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃

    ︵ᠬᠤᠶᠠᠷ︶ ᠡᠯ᠎ᠡ ᠪᠠᠶᠢᠭᠤᠯᠤᠯᠭ᠎ᠠ ᠲᠤᠰᠬᠠᠢ ᠬᠦᠮᠦᠨ ᠲᠣᠭᠲᠠᠭᠠᠨ ᠬᠠᠷᠢᠭᠤᠴᠠᠭᠤᠯᠬᠤ ᠬᠡᠷᠡᠭᠲᠡᠢ᠃ ᠲᠣᠰ

ᠰᠠᠯᠠᠭ᠎ᠠ ᠮᠥᠴᠢᠷ ᠵᠢᠴᠢ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠭᠰᠠᠨ ᠰᠤᠭᠤᠴᠢᠨ ᠪᠠᠶᠢᠴᠠᠭᠠᠬᠤ ᠤᠳᠠᠭ᠎ᠠ ᠪᠠᠨ

ᠨᠡᠮᠡᠭᠳᠡᠭᠦᠯᠵᠦ᠂ ᠣᠯᠠᠨ ᠰᠠᠯᠠᠭ᠎ᠠ ᠮᠥᠴᠢᠷ ᠤᠨ ᠬᠠᠮᠲᠤᠷᠠᠭᠰᠠᠨ ᠪᠠᠶᠢᠴᠠᠭᠠᠯᠲᠠ ᠶᠢ ᠴᠢᠷᠮᠠᠶᠢᠨ ᠣᠯᠵᠤ᠂ ᠨᠢᠭᠡ ᠯᠡ

ᠡᠭᠦᠳᠡ ᠪᠠᠷ ᠣᠷᠣᠵᠤ ᠣᠯᠠᠨ ᠵᠦᠢᠯᠡᠰ ᠢ ᠪᠠᠶᠢᠴᠠᠭᠠᠬᠤ ᠶᠢ ᠰᠠᠨᠠᠭᠤᠯᠪᠠ᠃ ᠬᠡᠷᠪᠡ ᠰᠦᠯᠵᠢᠶ᠎ᠡ ᠰᠠᠭᠠᠳ ᠥᠬᠡᠶ

ᠨᠡᠪᠲᠡᠷᠡᠬᠦ ᠥᠬᠡᠶ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠵᠠᠰᠠᠭ ᠤᠨ ᠣᠷᠳᠣᠨ ᠤ ᠠᠯᠪᠠᠨ ᠬᠡᠷ ᠪᠤᠶᠤ

ᠨᠢᠭᠡᠳᠦᠮᠡᠯ ᠬᠤᠯᠪᠣᠭ᠎ᠠ ᠶᠢᠨ ᠺᠣᠮᠫᠠᠨᠢ ᠯᠤᠭ᠎ᠠ ᠬᠠᠷᠢᠯᠴᠠᠵᠤ᠂ ᠲᠣᠤᠷ ᠰᠦᠯᠵᠢᠶ᠎ᠡ ᠰᠠᠭᠠᠳ ᠥᠬᠡᠶ ᠠᠴᠠ ᠪᠣᠯᠵᠣ

ᠠᠵᠢᠯ ᠢᠶᠠᠨ ᠤᠳᠠᠭᠠᠰᠢᠷᠠᠭᠤᠯᠬᠤ ᠠᠴᠠ ᠵᠠᠶᠢᠯᠠᠰᠬᠢᠨ᠎ᠡ᠃

    ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ

    2024 ᠣᠨ ᠤ 8 ᠰᠠᠷ᠎ᠠ ᠶᠢᠨ 6 ᠤ ᠡᠳᠦᠷ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ     

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2