ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/27

    8 ᠰᠠᠷ᠎ᠠ ᠶᠢᠨ 21 ᠤ ᠡᠳᠦᠷ᠂ ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠵᠢᠷᠭᠤᠳᠤᠭᠠᠷ ᠤᠳᠠᠭᠠᠨ ᠤ ᠶᠡᠭᠡ ᠬᠤᠷᠠᠯ

ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠡᠷᠬᠢᠯᠡᠭᠴᠢ ᠶᠠᠨ ᠵᠢᠶᠦ᠋ᠨ ᠬᠤᠷᠠᠯ ᠡᠷᠭᠢᠯᠡᠪᠡ᠃

1724655027478013474.jpg

    ᠲᠣᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 32

ᠬᠥᠮᠦᠨ᠂ ᠲᠣᠰ ᠤᠳᠠᠭᠠᠨ ᠤ ᠬᠤᠷᠠᠯ ᠳᠤ ᠪᠣᠳᠠᠲᠠᠶ ᠣᠷᠣᠯᠴᠠᠭᠰᠠᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 26

ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃

    ᠬᠤᠷᠠᠯ ᠠᠴᠠ ︽ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠤᠯᠤᠰ

ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠳᠡᠭᠡᠷ᠎ᠡ ᠬᠠᠭᠠᠰ ᠵᠢᠯ ᠤᠨ

ᠭᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ︽ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ

2021 ᠣᠨ ᠤ ᠲᠥᠰᠦᠪ ᠤᠨ ᠳᠡᠭᠡᠷ᠎ᠡ ᠬᠠᠭᠠᠰ ᠵᠢᠯ ᠤᠨ ᠭᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾

︽ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠡᠳ᠋ ᠤᠨ ᠵᠠᠰᠠᠭ ᠤᠨ ᠲᠥᠰᠦᠪ ᠤᠨ

ᠭᠦᠢᠴᠡᠳᠬᠡᠯ ᠤᠨ ᠲᠤᠬᠠᠶ ᠮᠡᠳᠡᠭᠦᠯᠦᠯᠲᠡ︾ ︽ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2024

ᠣᠨ ᠤ ᠲᠥᠰᠦᠪ ᠤᠨ ᠲᠣᠬᠢᠷᠠᠭᠤᠯᠤᠯᠲᠠ ᠶᠢᠨ ᠵᠦᠢᠯᠡᠰ ᠤᠨ ᠲᠤᠬᠠᠶ ᠮᠡᠳᠡᠭᠦᠯᠦᠯᠲᠡ︾ ︽ᠬᠤᠸᠠᠳᠧ ᠰᠢᠶᠠᠨ ᠤ

ᠠᠷᠠᠳ ᠤᠨ ᠵᠠᠰᠠᠭ ᠤᠨ ᠣᠷᠳᠣᠨ ᠤ 2023 ᠣᠨ ᠤ ᠲᠥᠰᠦᠪ ᠢ ᠭᠦᠢᠴᠡᠳᠭᠡᠭᠰᠡᠨ ᠪᠠᠶᠢᠳᠠᠯ ᠪᠠ ᠪᠤᠰᠤᠳ

ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠳᠠ ᠶᠢᠨ ᠠᠵᠢᠯ ᠤᠨ ᠮᠡᠳᠡᠭᠦᠯᠦᠯᠲᠡ︾ ︽ᠪᠥᠬᠦ

ᠰᠢᠶᠠᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ

ᠰᠤᠳᠤᠯᠤᠯᠲᠠ ᠶᠢᠨ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃ ᠬᠤᠷᠠᠯ ᠠᠴᠠ ᠪᠠᠰᠠ ᠠᠵᠢᠯᠲᠠᠨ ᠤ

ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠭᠰᠠᠨ ᠪᠥᠭᠡᠳ

ᠲᠤᠰᠢᠶᠠᠯ ᠳᠤ ᠲᠣᠮᠢᠯᠠᠬᠤ ᠪᠢᠴᠢᠭ ᠲᠠᠷᠬᠠᠭᠠᠵᠤ᠂ ᠬᠠᠤᠯᠢ ᠶᠣᠰᠣᠭᠠᠷ ᠦᠨᠳᠦᠰᠦᠨ ᠬᠠᠤᠯᠢ ᠳᠤ ᠲᠠᠩᠭᠠᠷᠢᠭᠯᠠᠪᠠ᠃

    ᠬᠤᠷᠠᠯ ᠠᠴᠠ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠠᠬᠢᠭᠤᠯᠬᠤ ᠲᠤᠬᠠᠢ ᠨᠠᠮ ᠤᠨ ᠲᠥᠪ

ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂

ᠦᠨᠳᠦᠰᠦᠨ ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠬᠢᠨᠠᠯᠲᠠ ᠲᠠᠯᠪᠢᠬᠤ

ᠡᠷᠬᠡ ᠶᠢ ᠰᠠᠶᠢᠲᠤᠷ ᠬᠡᠷᠡᠭᠯᠡᠵᠦ᠂ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ

ᠬᠢᠨᠠᠯᠲᠠ ᠲᠠᠯᠪᠢᠬᠤ ᠶᠢ ᠬᠡᠷᠡᠭᠵᠢᠭᠦᠯᠬᠦ ᠬᠡᠷᠡᠭᠲᠡᠢ᠃ ᠰᠢᠶᠠᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ

ᠴᠢᠨᠠᠷ ᠰᠠᠶᠢᠲᠠᠢ ᠬᠡᠷᠡᠭᠵᠢᠭᠦᠯᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ︽ᠳᠠᠷᠠᠭᠠᠴᠢ ᠶᠢᠨ ᠠᠵᠢᠯ︾ ᠢ ᠪᠦᠬᠦ

ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠨᠥᠬᠦᠳ ᠰᠢᠨ᠎ᠡ

ᠠᠵᠢᠯ ᠤᠨ ᠪᠠᠶᠢᠷᠢ ᠳᠡᠭᠡᠷ᠎ᠡ ᠪᠠᠨ ᠦᠷᠭᠦᠯᠵᠢᠯᠡᠨ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠷᠤᠭᠰᠢᠯᠠᠨ

ᠳᠠᠪᠰᠢᠬᠤ ᠵᠣᠷᠢᠭ ᠰᠠᠨᠠᠭ᠎ᠠ ᠪᠠᠨ ᠪᠠᠷᠢᠮᠲᠠᠯᠠᠵᠤ᠂ ᠠᠷᠠᠳ ᠲᠦᠮᠡᠨ ᠳᠤ ᠦᠢᠯᠡᠴᠢᠯᠡᠵᠦ᠂ ᠠᠵᠢᠯᠴᠢ ᠬᠢᠴᠢᠶᠡᠩᠭᠦᠢ ᠪᠠᠷ

ᠵᠠᠰᠠᠭ ᠪᠠᠷᠢᠵᠤ ᠪᠣᠳᠠᠲᠠᠢ ᠶᠢ ᠡᠷᠬᠢᠮᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠲᠥᠪ ᠭᠤᠣᠯᠴᠢ ᠠᠷᠢᠭᠤᠨ

ᠴᠢᠬᠡᠴᠢ ᠪᠠᠶᠢᠬᠤ ᠬᠡᠷᠡᠭᠲᠡᠢ᠃

    ᠬᠤᠷᠠᠯ ᠠᠴᠠ ᠡᠮᠦᠨ᠎ᠡ᠂ ᠬᠤᠸᠠᠳᠧ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠪᠦᠬᠦᠳᠡ

ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠰᠢᠰᠲ᠋ᠧᠮ ᠤᠨ ᠬᠢᠨ ᠡᠯ᠎ᠡ ᠱᠠᠲᠤᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ

ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ

ᠲᠦᠷᠦ ᠶᠢᠨ ᠡᠭᠦᠷᠭᠡ ᠪᠣᠯᠭᠠᠵᠤ᠂ ᠡᠯ᠎ᠡ ᠱᠠᠲᠤᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠬᠤ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠺᠠᠳ᠋ᠷ ᠤᠨ ᠰᠤᠷᠤᠯᠴᠠᠯᠭ᠎ᠠ ᠪᠣᠯᠪᠠᠰᠤᠷᠠᠯ ᠤᠨ ᠴᠢᠬᠤᠯᠠ

ᠠᠭᠤᠯᠭ᠎ᠠ ᠪᠣᠯᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ

ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ

ᠶᠣᠰᠣᠭᠠᠷ᠂ ᠮᠠᠨ ᠤ ᠰᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

    ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠷᠧᠨ ᠶᠧ᠂ ᠰᠢᠭᠦᠬᠦ ᠬᠤᠷᠢᠶᠠᠨ ᠤ ᠳᠠᠷᠤᠭ᠎ᠠ ᠼᠤᠤ ᠶᠢᠦ

ᠳ᠋ᠦᠩ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢᠨ ᠰᠢᠤᠢ ᠳ᠋ᠦᠩ ᠵᠢᠴᠢ ᠰᠢᠶᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠵᠥᠪᠯᠡᠯ ᠤᠨ

ᠡᠷᠬᠢᠯᠡᠭᠴᠢ᠂ ᠬᠢᠨᠠᠯᠲᠠ ᠲᠠᠯᠪᠢᠬᠤ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ

ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠤᠣᠯ

ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2