ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠲᠤᠰᠬᠠᠶ ᠬᠢᠨᠠᠯᠲᠠ | ᠲᠠᠯᠪᠢᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ ᠡᠵᠡᠮᠰᠢᠬᠦ ᠶᠢᠨ ᠲᠥᠯᠥᠭᠡ᠂ | ᠣᠶᠢᠷ᠎ᠠ ᠳᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠲᠠᠢ | ᠮᠠᠨ ᠤ ᠰᠢᠶᠠᠨ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠪᠠ᠃ | | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠣᠯᠤᠨ ᠰᠢᠶᠠᠨ ᠤ | ᠠᠷᠠᠳ ᠤᠨ ᠪᠠᠶᠢᠴᠠᠭᠠᠬᠤ ᠬᠤᠷᠢᠶᠠᠨ ᠤ ᠬᠠᠮᠲᠤᠷᠠᠨ ᠥᠷᠨᠢᠭᠦᠯᠦᠭᠰᠡᠨ ᠠᠵᠤ ᠠᠬᠤᠶᠢᠯᠠᠯ ᠳᠤ ᠬᠤᠯᠪᠣᠭᠳᠠᠬᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠲᠤᠰᠬᠠᠢ ᠬᠢᠨᠠᠯᠲᠠ ᠲᠠᠯᠪᠢᠬᠤ ᠠᠵᠢᠯ ᠤᠨ ᠠᠬᠢᠴᠠ ᠶᠢᠨ ᠪᠠᠶᠢᠳᠠᠯ ᠢ | ᠰᠣᠨᠣᠰᠪᠠ᠃ ᠮᠠᠨ ᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠢᠭᠡᠨ ᠲᠡᠮᠦᠷᠯᠢᠭ | ᠬᠠᠶᠢᠯᠤᠭᠤᠯᠬᠤ ᠠᠵᠤ ᠠᠬᠤᠶᠢᠯᠠᠯ ᠢ ᠲᠠᠰᠢᠷᠠᠮ ᠢᠶᠠᠷ ᠰᠤᠷᠪᠤᠯᠵᠢᠯᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠨᠢᠭᠤᠷᠳᠠᠨ ᠶᠠᠷᠢᠯᠴᠠᠵᠤ᠂ ᠶᠠᠷᠢᠯᠴᠠᠬᠤ ᠬᠡᠯᠪᠡᠷᠢ ᠪᠠᠷ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠠᠵᠤ | ᠠᠬᠤᠶᠢᠯᠠᠯ ᠤᠨ ᠬᠠᠤᠯᠢ ᠬᠡᠷᠡᠭᠵᠢᠭᠦᠯᠬᠦ ᠶᠠᠪᠤᠴᠠ ᠳᠠᠬᠢ ᠪᠣᠳᠠᠲᠤ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ | ᠦᠨᠡᠨ ᠪᠣᠳᠠᠲᠠᠶ ᠲᠥᠷᠥᠭᠳᠡᠯ ᠢ ᠬᠢᠨᠠᠮᠠᠭᠠᠶ ᠰᠣᠨᠣᠰᠪᠠ᠃ ᠠᠵᠤ ᠠᠬᠤᠶᠢᠯᠠᠯ ᠵᠢᠴᠢ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠨ ᠰᠤᠷᠪᠤᠯᠵᠢᠯᠠᠭ᠎ᠠ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠵᠠᠰᠠᠭ ᠵᠠᠬᠢᠷᠭᠠᠨ ᠤ ᠰᠢᠢᠳᠬᠡᠯ ᠤᠨ | ᠬᠡᠷᠡᠭ ᠤᠨ ᠡᠪᠬᠡᠮᠡᠯ ᠢ ᠰᠢᠯᠵᠢᠭᠦᠯᠦᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠨ ᠤ ᠰᠢᠶᠠᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠠᠶᠢᠳᠠᠯ ᠢ ᠣᠶᠢᠯᠠᠭᠠᠵᠤ᠂ ᠴᠢᠩᠭ᠎ᠠ ᠵᠢᠷᠤᠮᠵᠢᠭᠤᠨ ᠲᠥᠪ ᠭᠤᠤᠯᠴᠢ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠬᠤᠸᠠᠳᠧ ᠰᠢᠶᠠᠨ ᠤ ᠠᠵᠤ ᠠᠬᠤᠶᠢᠯᠠᠯ ᠳᠤ | ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠬᠢᠨᠠᠯᠲᠠ ᠲᠠᠯᠪᠢᠬᠤ ᠠᠵᠢᠯ ᠢ | ᠭᠦᠢᠴᠡᠳ ᠨᠤᠲᠠᠯᠠᠬᠤ ᠶᠢᠨ ᠬᠠᠮᠲᠤ ᠵᠢᠯᠣᠭᠤᠳᠬᠤ ᠴᠢᠨᠠᠷᠲᠠᠢ ᠰᠠᠨᠠᠯ ᠪᠣᠯᠣᠨ ᠰᠠᠨᠠᠭᠤᠯᠭ᠎ᠠ ᠳᠤᠷᠠᠳᠪᠠ᠄ ᠨᠢᠭᠡ ᠳᠤ᠂ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ | ᠰᠢᠯᠤᠭᠤᠳᠬᠠᠵᠤ᠂ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠰᠠᠭᠤᠳᠠᠯ ᠤᠨ | ᠲᠤᠬᠠᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ | ᠬᠡᠷᠡᠭᠲᠡᠢ᠃ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠳᠤᠮᠳᠠ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠶ | ᠪᠠᠶᠢᠴᠠᠭᠠᠨ ᠬᠠᠷᠭᠤᠭᠤᠯᠵᠤ᠂ ᠬᠠᠤᠯᠢ ᠲᠣᠭᠲᠠᠭᠠᠯ ᠶᠣᠰᠣᠭᠠᠷ ᠰᠢᠶ᠋ᠳᠪᠦᠷᠢᠯᠡᠨ᠎ᠡ᠃ ᠬᠤᠶᠠᠷ ᠲᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠶᠠᠪᠤᠴᠠ ᠳᠤ ᠤᠬᠠᠭᠤᠯᠭ᠎ᠠ ᠬᠥᠮᠦᠵᠢᠯ ᠢ | ᠴᠢᠬᠤᠯᠠᠴᠢᠯᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ ᠶᠢ ᠵᠢᠯᠣᠭᠤᠳᠴᠤ᠂ ᠠᠵᠤ ᠠᠬᠤᠶᠢᠯᠠᠯ ᠢ ᠬᠠᠪᠰᠤᠷᠤᠨ | ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠭᠤᠷᠪᠠ ᠳᠤ ᠵᠠᠰᠠᠭ ᠵᠠᠬᠢᠷᠭᠠᠨ ᠤ | ᠬᠠᠷᠢᠴᠠᠩᠭᠤᠶ ᠬᠥᠮᠦᠨ ᠳᠤ ᠵᠠᠰᠠᠭ ᠵᠠᠬᠢᠷᠭᠠᠨ ᠤ ᠰᠢᠳᠬᠡᠯ ᠥᠭᠬᠦ ᠳᠡᠭᠡᠨ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ | ᠬᠢᠨᠠᠨ ᠬᠠᠮᠢᠶᠠᠷᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ︽ᠳᠥᠷᠪᠡᠨ ᠨᠠᠷᠢᠨ ᠲᠠᠩᠰᠠ︾ ᠶᠢ ᠪᠣᠳᠠᠲᠠᠶ ᠳᠤ | ᠨᠠᠶᠢᠳᠠᠪᠤᠷᠢᠵᠢᠭᠤᠯᠤᠨ᠂ ᠲᠣᠷᠭᠠᠬᠤ ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠬᠤ ᠵᠠᠷᠴᠢᠮ ᠪᠠ ᠠᠯᠳᠠᠭ᠎ᠠ | ᠪᠤᠷᠤᠭᠤ ᠲᠠᠢ ᠲᠡᠩᠴᠡᠭᠦᠦ ᠵᠠᠷᠴᠢᠮ ᠢ ᠪᠠᠷᠢᠮᠲᠠᠯᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠵᠠᠯᠠᠷᠠᠭᠤᠯᠬᠤ ᠵᠣᠷᠢᠯᠭ᠎ᠠ ᠳᠤ ᠬᠦᠷᠭᠡᠬᠦ ᠬᠡᠷᠡᠭᠲᠡᠶ᠃ | ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠤ ᠬᠢᠨ ᠬᠢᠨᠠᠯᠲᠠ ᠲᠠᠯᠪᠢᠬᠤ ᠲᠣᠭᠲᠠᠴᠠ ᠪᠣᠯᠤᠨ | ᠲᠦᠷᠢᠮ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠱᠠᠯᠠᠪᠳᠠᠭᠤᠯᠤᠨ ᠪᠠᠶᠢᠴᠠᠭᠠᠬᠤ ᠠᠵᠢᠯ ᠤᠨ | ᠵᠢᠷᠤᠮᠵᠢᠯᠳᠤ ᠴᠢᠨᠠᠷ ᠪᠣᠯᠤᠨ ᠪᠦᠲᠦᠮᠵᠢᠲᠦ ᠴᠢᠨᠠᠷ ᠢ ᠪᠠᠲᠤᠯᠠᠵᠤ᠂ ᠪᠤᠰᠤᠳ ᠰᠠᠯᠠᠭ᠎ᠠ ᠮᠥᠴᠢᠷ ᠯᠦᠭᠡ ᠶᠢᠨ | ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠢᠨᠠᠯᠲᠠ ᠲᠠᠯᠪᠢᠬᠤ | ᠦᠷ᠎ᠡ ᠪᠦᠲᠦᠮᠵᠢ ᠪᠣᠯᠤᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ | ᠬᠠᠩᠭᠠᠨ᠎ᠠ᠃ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |