ᠥᠪᠥᠷ ᠮᠣᠩᠭᠤᠯ ᠤᠨ ᠬᠤᠸᠠᠳᠧ ᠰᠢᠶᠠᠨ᠄ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠷ ᠭᠠᠷᠳᠠᠴᠠ ᠪᠣᠯᠭᠠᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠶᠢ ᠭᠦᠨᠵᠡᠭᠡᠶ ᠠᠬᠢᠭᠤᠯᠤᠨ᠎ᠠ
ᠨᠡᠶᠢᠲᠡᠯᠡᠭᠰᠡᠨ ᠴᠠᠭ᠄
2024/8/27

    ᠥᠪᠥᠷ ᠮᠣᠩᠭᠤᠯ ᠤᠨ ᠬᠤᠸᠠᠳᠧ ᠰᠢᠶᠠᠨ ᠠᠷᠠᠳ ᠤᠨ ᠪᠠᠶᠢᠳᠠᠯ ᠢ ᠪᠠᠶᠢᠴᠠᠭᠠᠬᠤ᠂ ᠠᠷᠠᠳ ᠤᠨ ᠰᠠᠨᠠᠭ᠎ᠠ ᠶᠢ

ᠰᠣᠨᠣᠰᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ  ᠠᠷᠠᠳ ᠤᠨ ᠵᠣᠪᠠᠨᠢᠯ ᠢ ᠠᠷᠢᠯᠭᠠᠬᠤ ᠳᠤ ᠠᠩᠬᠠᠷᠤᠯ ᠢᠶᠠᠨ

ᠲᠥᠪᠯᠡᠷᠡᠭᠦᠯᠵᠦ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠲᠦᠷᠢᠮ ᠢ ᠭᠦᠨᠵᠡᠭᠡᠢ

ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ

ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ᠂ ᠰᠠᠨᠠᠯ ᠰᠠᠨᠠᠭᠤᠯᠭ᠎ᠠ ᠬᠤᠷᠢᠶᠠᠬᠤ᠂ ᠵᠥᠷᠢᠴᠡᠯ ᠵᠢᠭᠤᠷᠠᠯᠳᠤᠭᠠᠨ ᠢ

ᠰᠢᠢᠳᠪᠦᠷᠢᠯᠡᠬᠦ᠂ ᠤᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ᠂ ᠪᠠᠴᠢᠮ ᠬᠦᠴᠢᠷ ᠵᠣᠪᠠᠭᠤᠷᠢ ᠶᠢ ᠰᠢᠢᠳᠪᠦᠷᠢᠯᠡᠬᠦ ᠶᠢ

ᠠᠬᠢᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ

ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠠᠢ ᠦᠷ᠎ᠡ

ᠪᠦᠲᠦᠮᠵᠢ ᠤᠯᠬᠤ ᠶᠢ ᠦᠨᠡᠨᠬᠦ ᠠᠬᠢᠭᠤᠯᠪᠠ᠃

    ᠨᠠᠮ ᠤᠨ ᠰᠢᠨ᠎ᠡ ᠶᠢ ᠡᠭᠦᠳᠬᠦ ᠤᠨᠤᠯ ᠢ ᠦᠨᠳᠦᠰᠦᠨ ᠱᠠᠲᠤᠨ ᠳᠤ ᠪᠠᠭᠤᠯᠭᠠᠵᠤ᠂ ᠤᠬᠠᠭᠤᠯᠤᠨ

ᠲᠠᠶᠢᠯᠪᠤᠷᠢᠯᠠᠬᠤ ᠳᠠᠭᠠᠨ ᠤᠯᠠᠨ ᠲᠦᠮᠡᠨ ᠲᠠᠢ ᠤᠢᠢᠷᠠᠳᠤᠭᠤᠯᠬᠤ ᠬᠡᠷᠡᠭᠲᠡᠢ᠃ ᠬᠤᠸᠠᠳᠧ ᠰᠢᠶᠠᠨ ︽ᠤᠯᠠᠨ ᠲᠦᠮᠡᠨ

ᠬᠠᠮᠢᠭ᠎ᠠ ᠪᠠᠶᠢᠪᠠᠯ ᠤᠬᠠᠭᠤᠯᠤᠨ ᠲᠠᠶᠢᠯᠪᠤᠷᠢᠯᠠᠬᠤ ᠨᠢ ᠲᠡᠨᠳᠡ ᠬᠠᠨᠳᠤᠬᠤ︾ ᠵᠠᠷᠴᠢᠮ ᠢ ᠪᠠᠷᠢᠮᠲᠠᠯᠠᠵᠤ᠂ ᠰᠢᠶᠠᠩ

ᠪᠠᠯᠭᠠᠰᠤᠨ ᠤ ᠨᠠᠮ ᠤᠨ ᠰᠤᠷᠭᠠᠭᠤᠯᠢ ᠶᠢᠨ ᠵᠣᠬᠢᠶᠠᠨ ᠪᠠᠶᠢᠭᠤᠯᠤᠯᠲᠠ ᠠᠴᠠ ᠶᠠᠷᠢᠬᠤ᠂ ᠤᠳᠤᠷᠢᠳᠬᠤ ᠺᠠᠳ᠋ᠷ

ᠲᠦᠷᠦᠭᠦᠯᠡᠨ ᠶᠠᠷᠢᠬᠤ᠂ ᠳᠡᠷᠭᠡᠳᠡᠬᠢ ᠦᠯᠢᠭᠡᠷ ᠳᠠᠭᠤᠷᠢᠶᠠᠯ ᠢᠶᠠᠷ ᠵᠢᠱᠢᠶ᠎ᠡ ᠦᠵᠡᠭᠦᠯᠬᠦ ᠶᠢ ᠭᠦᠨᠵᠡᠭᠡᠢ ᠬᠡᠷᠡᠭᠵᠢᠭᠦᠯᠵᠦ᠂

ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠠᠷᠭ᠎ᠠ ᠬᠡᠯᠪᠡᠷᠢ ᠶᠢ ᠠᠪᠴᠤ᠂ ᠥᠷᠭᠡᠨ ᠤᠯᠠᠨ ᠲᠦᠮᠡᠨ ᠳᠤ

︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠣᠳᠣᠷᠬᠠᠢ ᠶᠠᠷᠢᠵᠤ᠂ ᠨᠠᠮ ᠤᠨ ᠤᠨᠤᠯ

ᠴᠢᠭᠯᠡᠯᠲᠡ ᠲᠦᠷᠦ ᠶᠢᠨ ᠪᠤᠳᠤᠯᠭ᠎ᠠ ᠶᠢ ᠠᠮᠢᠳᠤᠯᠢᠭ ᠶᠠᠷᠢᠵᠤ᠂ ︽ᠤᠯᠠᠨ ᠲᠦᠮᠡᠨ ᠲᠠᠢ ᠣᠶᠢᠷᠠᠲᠤᠬᠤ︾ ᠶᠢ

ᠪᠡᠶᠡᠯᠡᠭᠦᠯᠵᠦ  ᠨᠠᠮ ᠤᠨ ᠰᠢᠨ᠎ᠡ ᠶᠢ ᠡᠭᠦᠳᠬᠦ ᠤᠨᠤᠯ ᠢ ᠦᠨᠡᠨ ᠬᠦ ᠡᠭᠡᠯ ᠠᠷᠠᠳ ᠤᠨ ᠭᠡᠷ ᠲᠤ ᠬᠦᠷᠭᠡᠬᠦ ᠬᠡᠷᠡᠭᠲᠡᠢ᠃

ᠤᠳᠤᠷᠢᠳᠬᠤ ᠺᠠᠳ᠋ᠷ᠂ ᠫᠷᠤᠹᠧᠰᠰᠤᠷ ᠤᠨ ᠯᠧᠺᠲ᠋ᠣᠷ᠂ ᠠᠵᠢᠯ ᠲᠥᠷᠥᠯ ᠤᠨ ᠤᠬᠠᠭᠤᠯᠤᠨ ᠲᠠᠶᠢᠯᠪᠤᠷᠢᠯᠠᠭᠴᠢ ᠪᠠ

ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠵᠡᠷᠭᠡ ᠡᠬᠢ ᠪᠠᠶᠠᠯᠢᠭ ᠢ

ᠡᠮᠬᠢᠯᠡᠨ ᠨᠡᠶᠢᠯᠡᠭᠦᠯᠵᠦ᠂ ᠰᠢᠶᠠᠨ ᠤ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠠ ᠤᠬᠠᠭᠤᠯᠤᠨ

ᠲᠠᠶᠢᠯᠪᠤᠷᠢᠯᠠᠬᠤ ᠪᠠᠭ᠎ᠠ ᠠᠩᠭᠢ ᠶᠢ 101 ᠪᠠᠶᠢᠭᠤᠯᠵᠤ᠂ ︽ᠵᠢᠷᠭᠤᠭᠠᠨ ᠲᠣᠳᠣᠷᠬᠠᠶ ᠶᠠᠷᠢᠬᠤ︾ ᠱᠠᠭᠠᠷᠳᠠᠯᠭ᠎ᠠ᠂

︽ᠵᠢᠷᠭᠤᠭᠠᠨ ᠦᠭᠡ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠵᠡᠷᠭᠡ ᠴᠢᠬᠤᠯᠠ ᠠᠭᠤᠯᠭ᠎ᠠ ᠳᠤ

ᠠᠩᠬᠠᠷᠤᠯ ᠢᠶᠠᠨ ᠲᠥᠪᠯᠡᠷᠡᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ

ᠬᠡᠯᠪᠡᠷᠢ ᠶᠢ ᠠᠪᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠢᠴᠢ ᠬᠥᠳᠡᠭᠡ ᠲᠣᠰᠬᠤᠨ᠂ ᠨᠡᠶᠢᠭᠡᠮ ᠲᠣᠭᠤᠷᠢᠭ᠂

ᠰᠤᠷᠭᠠᠭᠤᠯᠢ᠂ ᠠᠵᠤ ᠠᠬᠤᠶᠢᠯᠠᠯ ᠳᠤ ᠬᠠᠨᠳᠤᠭᠤᠯᠤᠨ᠂ ᠨᠠᠮ ᠤᠨ ᠰᠢᠨ᠎ᠡ ᠶᠢ ᠡᠭᠦᠳᠬᠦ ᠣᠨᠣᠯ᠂ ᠠᠷᠠᠳ ᠲᠤ ᠠᠰᠢᠭ

ᠬᠦᠷᠲᠡᠭᠡᠬᠦ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠶᠢᠨ ᠮᠡᠳᠡᠯᠭᠡ ᠵᠡᠷᠭᠡ ᠶᠢ 261 ᠤᠳᠠᠭ᠎ᠠ ᠤᠬᠠᠭᠤᠯᠤᠨ

ᠲᠠᠶᠢᠯᠪᠤᠷᠢᠯᠠᠵᠤ᠂ ᠣᠯᠠᠨ ᠲᠦᠮᠡᠨ ᠢ 0.98 ᠲᠦᠮᠡᠨ ᠬᠥᠮᠦᠨ ᠤᠳᠠᠭ᠎ᠠ ᠬᠠᠮᠤᠷᠴᠤ᠂ ᠦᠨᠳᠦᠰᠦᠲᠡᠨ ᠨᠦᠭᠦᠳ ᠤᠨ

ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠦᠵᠡᠯ

ᠰᠠᠨᠠᠭ᠎ᠠ ᠤᠯᠤᠰ ᠲᠥᠷᠥ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪ᠊᠃

    ᠪᠠᠢᠴᠠᠭᠠᠨ ᠰᠤᠳᠤᠯᠤᠯᠲᠠ ᠦᠨᠳᠦᠰᠦᠨ ᠱᠠᠲᠤᠨ ᠳᠤ ᠭᠦᠨᠵᠡᠭᠡᠢᠷᠡᠵᠦ ︽ᠪᠠᠢᠳᠠᠯ ᠢ ᠮᠡᠳᠡᠬᠦ︾ ᠡᠷᠦᠬᠡ ᠳᠤ ᠬᠦᠷᠴᠦ

ᠰᠤᠷᠪᠤᠯᠵᠢᠯ ᠠᠬᠤ ᠳᠠᠭᠠᠨ ᠠᠷᠠᠳ ᠤᠨ ᠪᠠᠢᠳᠠᠯ ᠢ ᠪᠠᠢᠴᠠᠭᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠦᠨᠳᠦᠰᠦᠨ

ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠠᠷᠢᠯᠴᠠᠵᠤ ᠪᠠᠶᠢᠴᠠᠭᠠᠨ ᠰᠤᠳᠤᠯᠤᠯᠲᠠ ᠬᠢᠵᠦ᠂ ᠪᠣᠳᠠᠲᠤ

ᠪᠠᠶᠢᠳᠠᠯ ᠢ ᠣᠶᠢᠯᠠᠭᠠᠵᠤ᠂ ᠠᠰᠠᠭᠤᠳᠠᠯ ᠢ ᠡᠷᠢᠵᠦ᠂ ᠠᠷᠭ᠎ᠠ ᠪᠤᠳᠤᠯᠭ᠎ᠠ ᠶᠢ ᠰᠦᠪᠡᠭᠴᠢᠯᠡᠵᠦ᠂ ᠤᠯᠠᠨ ᠲᠦᠮᠡᠨ ᠤ ᠬᠦᠰᠡᠯ

ᠱᠠᠭᠠᠷᠳᠠᠯᠭ᠎ᠠ ᠶᠢ ᠦᠨᠡᠨᠴᠢ ᠪᠠᠷ ᠰᠣᠨᠣᠰᠴᠤ᠂ ᠤᠯᠠᠨ ᠲᠦᠮᠡᠨ ᠤ ᠬᠦᠰᠡᠯ ᠡᠷᠡᠮᠡᠯᠵᠡᠯ ᠢ ᠦᠨᠡᠨ ᠰᠡᠳᠬᠢᠯ ᠠᠴᠠ ᠪᠠᠨ

ᠲᠤᠰᠬᠠᠵᠤ᠂ ᠤᠯᠠᠨ ᠲᠦᠮᠡᠨ ᠢ ᠦᠨᠡᠨ ᠰᠡᠳᠬᠢᠯ ᠠᠴᠠ ᠪᠠᠨ ᠬᠠᠯᠠᠮᠵᠢᠯᠠᠵᠤ ᠪᠠᠶᠢᠪᠠ᠃ ᠠᠰᠠᠭᠤᠳᠠᠯ ᠢᠶᠠᠷ

ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠠᠰᠠᠭᠤᠳᠠᠯ ᠢ ᠢᠯᠡᠷᠡᠭᠦᠯᠵᠦ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ

ᠦᠷ᠎ᠡ ᠪᠦᠲᠦᠭᠡᠯ ᠢ ᠤᠯᠠᠷᠢᠭᠤᠯᠬᠤ︾ ᠪᠠᠶᠢᠴᠠᠭᠠᠨ ᠰᠤᠳᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂

ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠬᠥᠭᠵᠢᠯᠲᠡ ᠶᠢ ᠠᠬᠢᠭᠤᠯᠬᠤ᠂ ᠠᠷᠠᠳ ᠤᠨ

ᠠᠮᠢᠳᠤᠷᠠᠯ ᠳᠤ ᠠᠰᠢᠭ ᠬᠦᠷᠲᠡᠭᠡᠬᠦ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ 26

ᠭᠠᠵᠠᠷ ᠤᠨ ᠲᠠᠰ ᠤᠨ ᠤᠳᠤᠷᠢᠳᠤᠯᠭ᠎ᠠ ᠶᠢᠨ ᠬᠠᠷᠢᠯᠴᠠᠬᠤ ᠴᠡᠭ᠂ ᠨᠠᠮ ᠤᠨ ᠭᠡᠰᠢᠭᠦᠨ ᠺᠠᠳ᠋ᠷ ᠤᠨ ︽ᠲᠠᠪᠤ ᠶᠢ

ᠬᠤᠣᠰᠯᠠᠨ ᠬᠤᠯᠪᠣᠭᠠᠯᠠᠬᠤ︾᠂ ᠲᠣᠭᠤᠷᠢᠭ ᠲᠤ ᠰᠠᠭᠤᠭ᠎ᠠ 65 ᠨᠢᠭᠡᠴᠡ ᠶᠢᠨ ︽ᠬᠤᠶᠠᠷ ᠢ ᠮᠡᠳᠡᠭᠡᠯᠡᠬᠦ︾ ᠲᠣᠭᠲᠠᠴᠠ

ᠵᠡᠷᠭᠡ ᠳᠤ ᠲᠦᠰᠢᠭᠯᠡᠨ᠂ ᠦᠨᠳᠦᠰᠦᠨ ᠱᠠᠲᠤᠨ ᠳᠤ ᠨᠡᠶᠢᠲᠡ 189 ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂

ᠠᠷᠠᠳ ᠤᠨ ᠰᠠᠨᠠᠭ᠎ᠠ ᠶᠢ 40 ᠭᠠᠷᠤᠶ ᠵᠤᠷᠪᠤᠰ ᠴᠤᠭᠯᠠᠭᠤᠯᠪᠠ᠃ ᠡᠭᠦᠨ ᠤ ᠬᠠᠮᠲᠤ ︽ᠨᠢᠭᠡ ᠰᠤᠷᠪᠤᠯᠵᠢᠯᠠᠬᠤ᠂ ᠨᠢᠭᠡ

ᠠᠰᠠᠭᠤᠬᠤ᠂ ᠨᠢᠭᠡ ᠶᠠᠷᠢᠯᠴᠠᠬᠤ︾ ᠠᠵᠢᠯᠯᠠᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢ ᠶᠢᠨ

ᠲᠠᠰᠤᠭ ᠤᠨ ᠨᠢᠭᠡᠳᠦᠭᠡᠷ ᠹᠷᠣᠨᠲ ᠪᠠ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠵᠦ᠂ ᠠᠵᠢᠯᠲᠠᠨ ᠠᠵᠢᠯᠴᠢᠨ ᠤ

ᠰᠠᠨᠠᠯ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠵᠤ᠂ ᠣᠯᠠᠨ ᠲᠦᠮᠡᠨ ᠳᠤ ᠦᠢᠯᠡᠴᠢᠯᠡᠬᠦ ᠠᠷᠭ᠎ᠠ

ᠵᠠᠮ ᠢ ᠨᠡᠪᠲᠡᠷᠡᠭᠦᠯᠪᠡ᠃ ᠡᠭᠦᠨ ᠤ ᠬᠠᠮᠲᠤ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ

ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠬᠥᠮᠦᠰ ᠤᠨ ᠣᠷᠣᠰᠢᠨ ᠰᠠᠭᠤᠬᠤ ᠣᠷᠴᠢᠨ

ᠨᠥᠬᠦᠴᠡᠯ ᠢ ᠴᠡᠭᠴᠡᠯᠡᠨ ᠵᠠᠰᠠᠬᠤ  ᠴᠠᠭᠠᠨ ᠰᠠᠷ᠎ᠠ ᠶᠢᠨ ᠲᠣᠬᠤᠨᠢᠭᠤᠯᠤᠯ ᠵᠡᠷᠭᠡ ᠠᠵᠢᠯ ᠳᠤ ᠰᠢᠰᠲ᠋ᠧᠮ ᠲᠠᠢ

ᠠᠭᠤᠰᠤᠯᠴᠠᠭᠤᠯᠵᠤ᠂ ᠠᠵᠤ ᠠᠬᠤᠶᠢᠯᠠᠯ᠂ ᠦᠨᠳᠦᠰᠦᠨ ᠱᠠᠲᠤᠨ ᠤ ᠣᠯᠠᠨ ᠲᠦᠮᠡᠨ ᠤ ᠳᠡᠷᠭᠡᠳᠡ ᠭᠦᠨᠵᠡᠭᠡᠶᠢᠷᠡᠨ᠂

ᠠᠵᠤ ᠠᠬᠤᠶᠢᠯᠠᠯ᠂ ᠦᠨᠳᠦᠰᠦᠨ ᠱᠠᠲᠤᠨ ᠤ ᠣᠯᠠᠨ ᠲᠦᠮᠡᠨ ᠤ ᠦᠶ᠋ᠯᠡᠳᠪᠦᠷᠢᠯᠡᠯ ᠠᠮᠢᠳᠤᠷᠠᠯ ᠤᠨ ᠬᠦᠴᠢᠷᠳᠡᠯ ᠤᠨ

ᠪᠠᠶᠢᠳᠠᠯ ᠢ ᠣᠶᠢᠯᠠᠭᠠᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ 60 ᠭᠠᠷᠤᠶ

ᠠᠰᠠᠭᠤᠳᠠᠯ ᠢ ᠰᠢᠶ᠋ᠳᠪᠦᠷᠢᠯᠡᠵᠦ᠂ ᠣᠯᠠᠨ ᠲᠦᠮᠡᠨ ᠳᠤ ᠨᠠᠮ ᠤᠨ ᠭᠡᠰᠢᠭᠦᠨ ᠬᠠᠵᠠᠭᠤ ᠳᠤᠨᠢ ᠪᠠᠶᠢᠬᠤ᠂ ᠨᠠᠮ ᠤᠨ

ᠬᠠᠶᠢᠷ᠎ᠠ ᠬᠠᠯᠠᠮᠵᠢ ᠳᠡᠷᠭᠡᠳᠡ ᠨᠢ ᠪᠠᠶᠢᠬᠤ ᠶᠢ ᠦᠨᠡᠨᠬᠦ ᠮᠡᠳᠡᠷᠡᠭᠦᠯᠪᠡ᠃

ᠵᠠᠬᠢᠳᠠᠯ ᠰᠤᠷᠪᠤᠯᠵᠢᠯᠠᠭ᠎ᠠ ᠪᠠᠷ ᠦᠨᠳᠦᠰᠦᠨ ᠱᠠᠲᠤᠨ ᠳᠤ ︽ᠦᠨᠳᠦᠰᠦᠨ ᠵᠦᠢᠯ ᠢ ᠪᠠᠲᠤᠯᠠᠵᠤ︾᠂ ᠤᠯᠠᠨ ᠲᠦᠮᠡᠨ ᠲᠠᠢ

ᠬᠠᠷᠢᠯᠴᠠᠵᠤ ᠠᠷᠠᠳ ᠤᠨ ᠵᠣᠪᠠᠨᠢᠯ ᠢ ᠰᠢᠢᠳᠪᠦᠷᠢᠯᠡᠬᠦ ᠬᠡᠷᠡᠭᠲᠡᠢ᠃ ᠺᠠᠳ᠋ᠷ ᠤᠨ ᠬᠡᠷᠡᠭ ᠢ ᠳᠠᠭᠠᠭᠠᠴᠢᠯᠠᠨ ᠰᠢᠮᠳᠠᠭᠤᠯᠤᠨ

ᠪᠠᠶᠢᠴᠠᠭᠠᠬᠤ᠂ ᠳᠣᠷᠣᠭᠰᠢ ᠪᠠᠭᠤᠵᠤ ᠰᠤᠷᠪᠤᠯᠵᠢᠯᠠᠬᠤ ᠶᠢ ᠬᠦᠯᠢᠶᠡᠨ ᠠᠪᠬᠤ ᠵᠡᠷᠭᠡ ᠳᠦᠷᠢᠮ ᠢ ᠢᠳᠡᠪᠬᠢᠲᠡᠶ ᠪᠠᠷ

ᠰᠦᠪᠡᠭᠴᠢᠯᠡᠨ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ

ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠤᠨ᠎ᠠ᠃ ᠡᠭᠦᠨ ᠤ ᠬᠠᠮᠲᠤ ᠰᠢᠶᠠᠩ ᠪᠠᠯᠭᠠᠰᠤᠨ ᠤ ᠨᠠᠮ ᠪᠠ ᠣᠯᠠᠨ

ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ

ᠰᠢᠢᠳᠪᠦᠷᠢᠯᠡᠬᠦ ︽ᠨᠢᠭᠡ ᠥᠷᠲᠡᠭᠡᠨ ᠤ ᠮᠠᠶ᠋ᠢᠭ︾ ᠤᠨ ᠲᠠᠪᠴᠠᠩ᠂ ᠨᠠᠮ ᠪᠠ ᠣᠯᠠᠨ ᠲᠦᠮᠡᠨ ᠤ ᠶᠡᠷᠦᠩᠬᠡᠶᠢᠯᠡᠭᠰᠡᠨ

ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠠᠰᠤᠭ ᠭᠠᠷᠭᠠᠵᠤ᠂ ᠣᠯᠠᠨ

ᠲᠦᠮᠡᠨ ᠤ ᠵᠥᠷᠢᠴᠡᠯ ᠵᠢᠭᠤᠷᠠᠯᠳᠤᠭᠠᠨ ᠢ ᠡᠷᠢᠬᠦ᠂ ᠬᠠᠮᠢᠶᠠᠷᠬᠤ ᠬᠥᠮᠦᠨ ᠲᠠᠢ ᠪᠣᠯᠭᠠᠪᠠ᠃ ᠣᠳᠣᠬᠠᠨ ᠳᠤ ᠨᠠᠮ ᠪᠠ

ᠣᠯᠠᠨ ᠲᠦᠮᠡᠨ ᠤ ᠶᠡᠷᠦᠩᠬᠡᠶᠢᠯᠡᠭᠰᠡᠨ ᠲᠠᠪᠴᠠᠩ ᠤᠨ APP ᠶᠢᠨ ᠳᠠᠩᠰᠠᠯᠠᠭᠤᠯᠤᠭᠰᠠᠨ ᠬᠥᠮᠦᠨ ᠤ ᠲᠤᠭ᠎ᠠ

30000 ᠭᠠᠷᠤᠶ ᠪᠠᠶᠢᠵᠤ᠂ ᠡᠳᠦᠷ ᠤᠨ ᠴᠣᠬᠢᠭᠰᠠᠨ ᠬᠡᠮᠵᠢᠶ᠎ᠡ 1000 ᠭᠠᠷᠤᠶ ᠤᠳᠠᠭ᠎ᠠ ᠪᠠᠶᠢᠵᠤ᠂ ᠣᠯᠠᠨ

ᠲᠦᠮᠡᠨ ᠳᠤ ᠨᠡᠶᠢᠲᠡ 1800 ᠭᠠᠷᠤᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠭᠡᠪᠡ᠃ ᠰᠢᠨ᠎ᠡ

ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠤᠸᠠᠳᠧ ᠰᠢᠶᠠᠨ ᠤ ᠬᠠᠤᠯᠢ

ᠴᠠᠭᠠᠵᠠ ᠶᠢᠨ ᠲᠣᠪᠴᠢᠶ᠎ᠠ ︽ᠳᠥᠷᠪᠡᠨ ᠭᠠᠵᠠᠷ ᠨᠢᠭᠡ ᠲᠢᠩᠬᠢᠮ︾ ᠤᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ

ᠲᠣᠭᠲᠠᠴᠠ ᠳᠤ ᠲᠦᠰᠢᠭᠯᠡᠨ᠂ ᠵᠢᠭᠰᠠᠭᠠᠨ ᠪᠠᠶᠢᠴᠠᠭᠠᠬᠤ᠂ ᠨᠠᠮᠳᠠᠭᠤᠯᠬᠤ᠂ ᠲᠣᠭᠲᠠᠭᠤᠨ ᠢᠶᠠᠷ ᠡᠵᠡᠮᠳᠡᠬᠦ᠂ ᠰᠠᠭᠤᠷᠢ ᠶᠢ

ᠪᠠᠬᠢᠵᠢᠭᠦᠯᠬᠦ ᠵᠡᠷᠭᠡ ᠡᠯ᠎ᠡ ᠭᠤᠭᠴᠤᠭ᠎ᠠ ᠠᠴᠠ ᠭᠠᠷᠳᠠᠵᠤ᠂ ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ

ᠠᠷᠢᠯᠭᠠᠨ᠎ᠠ᠃ ᠠᠷᠠᠳ ᠤᠨ ᠡᠶᠡᠳᠡᠭᠦᠯᠬᠦ ᠪᠠᠷ ᠰᠠᠭᠤᠷᠢ ᠪᠣᠯᠭᠠᠭᠰᠠᠨ ︽ᠶᠡᠭᠡ ᠡᠶᠡᠳᠡᠭᠦᠯᠭᠡ︾ ᠶᠢᠨ ᠪᠠᠶᠢᠷᠢᠰᠢᠯ ᠢ

ᠪᠠᠶᠢᠭᠤᠯᠵᠤ᠂ ᠬᠤᠸᠠᠳᠧ ᠰᠢᠶᠠᠨ ᠤ ︽ᠨᠢᠭᠡ ᠥᠷᠲᠡᠭᠡᠨ ᠤ ᠮᠠᠶ᠋ᠢᠭ︾ ᠤᠨ ᠵᠥᠷᠢᠴᠡᠯ ᠢ ᠡᠶᠡᠳᠡᠭᠦᠯᠬᠦ ᠣᠯᠠᠨ

ᠡᠰᠢᠵᠢᠭᠰᠡᠨ ᠲᠥᠪ ᠢ ᠪᠠᠶᠢᠭᠤᠯᠬᠤ ᠶᠢᠨ ᠬᠠᠮᠲᠤ ᠪᠥᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ

ᠭᠠᠵᠠᠷ ᠲᠤ ︽ᠨᠢᠭᠡ ᠥᠷᠲᠡᠭᠡ ᠮᠠᠶ᠋ᠢᠭ︾ ᠤᠨ ᠵᠥᠷᠢᠴᠡᠯ ᠢ ᠡᠶᠡᠳᠡᠭᠦᠯᠬᠦ ᠣᠯᠠᠨ ᠡᠰᠢᠵᠢᠭᠰᠡᠨ ᠲᠥᠪ ᠢ ᠪᠠᠶᠢᠭᠤᠯᠤᠨ᠎ᠠ᠃

2023 ᠣᠨ ᠳᠤ ᠡᠯ᠎ᠡ ᠲᠥᠷᠥᠯ ᠤᠨ ᠡᠶᠡᠳᠡᠭᠦᠯᠬᠦ ᠬᠡᠷᠡᠭ ᠢ ᠨᠡᠶᠢᠲᠡ 646 ᠬᠤᠪᠢ ᠭᠥᠯᠢᠶᠡᠨ ᠠᠪᠴᠤ

ᠰᠢᠢᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 132% ᠢᠶᠠᠷ ᠨᠡᠮᠡᠭᠳᠡᠨ᠂ 646 ᠬᠤᠪᠢ ᠶᠢ ᠨᠢ

ᠡᠶᠡᠳᠡᠭᠦᠯᠦᠨ ᠰᠢᠢᠳᠪᠦᠷᠢᠯᠡᠪᠡ᠃ ᠣᠯᠠᠨ ᠲᠦᠮᠡᠨ ᠳᠤ ᠬᠤᠯᠪᠣᠭᠳᠠᠬᠤ ᠬᠡᠯᠪᠡᠷᠢ ᠶᠢᠨ ᠵᠥᠷᠢᠴᠡᠯ ᠵᠢᠭᠤᠷᠠᠯᠳᠤᠭᠠᠨ ᠢ

ᠵᠢᠭᠰᠠᠭᠠᠨ ᠪᠠᠶᠢᠴᠠᠭᠠᠭᠰᠠᠨ ᠨᠣᠷᠮ᠎ᠠ᠂ ᠡᠶᠡᠳᠡᠭᠦᠯᠦᠨ ᠰᠢᠶ᠋ᠳᠪᠦᠷᠢᠯᠡᠭᠰᠡᠨ ᠨᠣᠷᠮ᠎ᠠ᠂ ᠠᠮᠵᠢᠯᠲᠠ ᠣᠯᠤᠭᠰᠠᠨ ᠨᠣᠷᠮ᠎ᠠ ᠨᠢ

ᠴᠥᠮ 100% ᠳᠤ ᠬᠦᠷᠪᠡ᠃

    ᠲᠤᠬᠠᠢ ᠶᠢᠨ ᠲᠠᠯᠠᠪᠤᠷ ᠤᠨ ᠠᠯᠪᠠᠨ ᠠᠵᠢᠯ ᠢ ᠦᠨᠳᠦᠰᠦᠨ ᠱᠠᠲᠤᠨ ᠳᠤ ᠪᠠᠭᠤᠯᠭᠠᠨ ︽ᠲᠦᠢᠯᠪᠤᠷᠢᠲᠠᠢ

ᠪᠠᠶᠢᠴᠠᠭᠠᠬᠤ︾᠂ ᠨᠢᠭᠡᠳᠦᠭᠡᠷ ᠹᠷᠣᠨᠲ ᠲᠤ ᠭᠦᠨᠵᠡᠭᠡᠶᠢᠷᠡᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃

ᠬᠤᠸᠠᠳᠧ ᠰᠢᠶᠠᠨ ᠬᠥᠭᠵᠢᠯᠲᠡ ᠶᠢᠨ ᠬᠡᠷᠡᠭᠴᠡᠭᠡ᠂ ᠥᠭᠡᠷᠡᠴᠢᠯᠡᠯᠲᠡ ᠶᠢᠨ ᠪᠠᠴᠢᠮᠳᠠᠬᠤ᠂ ᠦᠨᠳᠦᠰᠦᠨ ᠱᠠᠲᠤᠨ ᠤ

ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠶᠢ ᠴᠢᠩᠭ᠎ᠠ ᠠᠩᠬᠠᠷᠴᠤ᠂ ᠲᠤᠬᠠᠢ ᠶᠢᠨ ᠲᠠᠯᠠᠪᠤᠷ ᠲᠤ ᠵᠢᠯᠣᠭᠤᠳᠬᠤ᠂

ᠲᠤᠬᠠᠢ ᠶᠢᠨ ᠲᠠᠯᠠᠪᠤᠷ ᠲᠤ ᠵᠣᠬᠢᠴᠠᠭᠤᠯᠬᠤ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠵᠢᠯ ᠢ ᠥᠷᠨᠢᠭᠦᠯᠵᠦ᠂

︽ᠬᠠᠪᠰᠤᠷᠤᠨ ᠣᠷᠣᠯᠠᠨ ᠭᠦᠢᠴᠡᠳᠬᠡᠬᠦ︾ ᠠᠵᠢᠯᠯᠠᠭ᠎ᠠ ᠶᠢ ᠥᠷᠨᠢᠭᠦᠯᠵᠦ  ᠤᠯᠠᠨ ᠲᠦᠮᠡᠨ ᠳᠤ ᠤᠨᠢᠨ ᠳᠡᠭᠡᠷ᠎ᠡ ᠨᠢ

ᠨᠠᠷᠢᠯᠢᠬᠵᠢᠭᠤᠯᠤᠭᠰᠠᠨ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ

ᠠᠰᠢᠭ ᠢ ᠳᠡᠭᠡᠭᠰᠢᠯᠡᠭᠦᠯᠪᠡ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠨᠡᠨᠬᠦ

︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ

ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢᠨ ︽ᠵᠠᠪᠠᠯ

ᠰᠤᠷᠬᠤ ᠬᠢᠴᠢᠶᠡᠯ︾ ᠪᠣᠯᠭᠠᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ

︽ᠬᠥᠳᠡᠯᠭᠡᠬᠦ ᠬᠦᠴᠦᠨ ᠤ ᠡᠬᠢ ᠰᠤᠷᠪᠤᠯᠵᠢ︾ ᠪᠣᠯᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ

ᠬᠠᠲᠠᠭᠤᠵᠢᠭᠤᠯᠬᠤ ᠶᠢᠨ ︽ᠪᠢᠯᠡᠭᠦᠦ︾ ᠪᠣᠯᠭᠠᠵᠤ᠂ ᠤᠯᠠᠨ ᠲᠦᠮᠡᠨ᠂ ᠠᠵᠤ ᠠᠬᠤᠶᠢᠯᠠᠯ ᠤᠨ ᠠᠵᠢᠯ ᠶᠠᠪᠤᠳᠠᠯ

ᠰᠢᠢᠳᠪᠦᠷᠢᠯᠡᠬᠦ ᠳᠤ ᠬᠦᠴᠢᠷ ᠠᠰᠠᠭᠤᠳᠠᠯ᠂ ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠦᠨ ︽ᠪᠢ ᠤᠯᠠᠨ

ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃

ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠬᠢᠭᠡᠳ ᠲᠤᠭ᠎ᠠ ᠪᠠᠷᠢᠮᠲᠠ ᠶᠢᠨ

ᠬᠠᠮᠢᠶᠠᠷᠤᠯᠲᠠ ᠶᠢᠨ ᠲᠣᠪᠴᠢᠶ᠎ᠠ ᠶᠢᠨ ᠪᠥᠬᠦ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠠᠪᠰᠤᠷᠤᠨ ᠡᠷᠭᠢᠯᠡᠬᠦ᠂

ᠬᠥᠳᠡᠯᠵᠦ ᠪᠠᠷᠢᠬᠤ ᠳᠤ ᠳᠥᠭᠦᠮ ᠦᠭᠡᠢ ᠪᠠᠶᠢᠬᠤ ᠲᠢᠩᠬᠢᠮ ᠤᠨ ᠣᠯᠠᠨ ᠲᠦᠮᠡᠨ ᠤ ᠳ᠋ᠤᠭᠠᠷᠯᠠᠬᠤ᠂ ᠬᠡᠷ ᠲᠤᠨᠢ

ᠬᠦᠷᠴᠦ ᠲᠤᠬᠠᠶᠢᠯᠠᠭᠰᠠᠨ ᠠᠵᠢᠯ ᠢ ᠭᠦᠶ᠋ᠴᠡᠳᠬᠡᠬᠦ ᠪᠠ ᠪᠣᠯᠵᠣᠬᠤ ᠵᠢᠴᠢ ᠠᠵᠤ ᠠᠬᠤᠶᠢᠯᠠᠯ ᠢᠶᠠᠷ ᠰᠤᠷᠪᠤᠯᠵᠢᠯᠠᠵᠤ

ᠬᠠᠪᠰᠤᠷᠤᠨ ᠣᠷᠣᠯᠠᠨ ᠭᠦᠶ᠋ᠴᠡᠳᠬᠡᠬᠦ ᠵᠡᠷᠭᠡ ᠶᠢ ᠥᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ

ᠥᠭᠬᠦ︾ ᠠᠵᠢᠯᠯᠠᠭ᠎ᠠ ᠰᠠᠷ᠎ᠠ ᠶᠢᠨ ᠳᠣᠲᠣᠷ᠎ᠠ ᠨᠡᠶᠢᠲᠡ 161 ᠬᠤᠪᠢ ᠰᠦᠯᠵᠢᠶᠡᠨ ᠭᠠᠳᠠᠨᠠᠬᠢ ᠵᠦᠶ᠋ᠯᠡᠰ ᠢ

ᠭᠦᠶ᠋ᠴᠡᠳᠬᠡᠵᠦ᠂ 9 ᠬᠤᠪᠢ ᠶᠢ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠶ᠋ᠳᠪᠦᠷᠢᠯᠡᠬᠦ ᠵᠦᠶ᠋ᠯᠡᠰ ᠢ ᠪᠡᠶᠡᠯᠡᠭᠦᠯᠵᠦ᠂

ᠪᠡᠶᠡᠯᠡᠭᠦᠯᠦᠭᠰᠡᠨ ᠨᠣᠷᠮ᠎ᠠ ᠨᠢ 100% ᠳᠤ ᠬᠥᠷᠪᠡ᠃ ᠣᠯᠠᠨ ᠲᠦᠮᠡᠨ᠂ ᠠᠵᠤ ᠠᠬᠤᠶᠢᠯᠠᠯ ᠢ ᠨᠠᠩ ᠣᠯᠠᠨ ᠦᠨᠡᠨ

ᠪᠣᠳᠠᠲᠠᠶ ᠬᠦᠷᠲᠡᠮᠵᠢ ᠶᠢᠨ ᠲᠥᠷᠥᠭᠳᠡᠯ ᠲᠠᠢ ᠪᠣᠯᠭᠠᠵᠤ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠬᠠᠮᠢᠶᠠᠷᠤᠯᠲᠠ

ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ︽ᠰᠡᠳᠬᠢᠯ ᠲᠠᠯᠪᠢᠨ᠂

ᠥᠨᠳᠥᠷ ᠪᠦᠲᠦᠮᠵᠢᠲᠡᠶ ᠠᠷᠠᠳ ᠲᠤ ᠲᠥᠬᠦᠮ ᠦᠵᠡᠭᠦᠯᠬᠦ︾ ᠶᠢ ᠪᠡᠶᠡᠯᠡᠭᠦᠯᠦᠨ᠎ᠡ᠃

    ᠢᠷᠡᠯᠲᠡ᠄ ᠠᠷᠠᠳ ᠤᠨ ᠡᠳᠦᠷ ᠤᠨ ᠰᠣᠨᠢᠨ ᠤ ᠬᠡᠷᠡᠭᠯᠡᠭᠴᠢ ᠶᠢᠨ ᠦᠵᠦᠭᠦᠷ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2