8 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠡᠦ ᠴᠢᠯᠠᠭᠤ ᠠᠳᠡᠯ ᠣᠯᠠᠨ ᠭᠠᠷᠳᠠᠭ ᠠᠵᠢᠯ ᠲᠥᠷᠥᠯ ᠤᠨ ᠠᠵᠤ | ᠠᠬᠤᠶᠢᠯᠠᠯ ᠳᠤ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ ᠪᠠ ᠪᠠᠶᠢᠴᠠᠭᠠᠨ ᠰᠤᠳᠤᠯᠤᠯᠲᠠ ᠶᠢᠨ ᠠᠵᠢᠯ | ᠥᠷᠨᠢᠭᠦᠯᠪᠡ᠃ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ | ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ | ᠣᠶᠢᠷ᠎ᠠ ᠶᠢᠨ ᠵᠢᠯ ᠳᠤ ᠡᠭᠦᠰᠦᠭᠰᠡᠨ ᠠᠳᠡᠯ ᠳᠤ ᠵᠠᠳᠠᠯᠤᠯᠲᠠ ᠬᠢᠵᠡᠶ᠃ | | ᠪᠠᠶᠢᠴᠠᠭᠠᠯᠲᠠ ᠶᠢᠨ ᠳᠤᠮᠳᠠ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠥᠬᠡᠶ | ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ | ᠶᠣᠰᠣᠭᠠᠷ᠂ ᠠᠵᠢᠯ ᠲᠥᠷᠥᠯ ᠤᠨ ᠣᠨᠴᠠᠯᠢᠭ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠠᠮᠤᠷ ᠲᠦᠪᠰᠢᠨ ᠤ | ᠲᠦᠭᠰᠢᠭᠦᠷᠢ ᠵᠡᠷᠭᠡ ᠲᠠᠢ ᠤᠶᠠᠯᠳᠤᠭᠤᠯᠤᠨ᠂ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢᠶᠠᠷ | ᠭᠤᠤᠯ ᠪᠣᠯᠭᠠᠵᠤ᠂ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ᠂ ᠠᠳᠡᠯ ᠤᠨ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠᠷ ᠰᠠᠭᠤᠷᠢ ᠪᠣᠯᠭᠠᠭᠰᠠᠨ ᠠᠵᠤ ᠠᠬᠤᠶᠢᠯᠠᠯ ᠤᠨ ᠠᠶᠤᠯ ᠥᠬᠡᠶ | ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠠᠶᠤᠯ ᠥᠬᠡᠶ | ᠦᠢᠯᠡᠳᠪᠦᠷᠢᠯᠡᠯ ᠤᠨ ᠲᠤᠬᠠᠶ ᠶᠢᠨ ᠲᠠᠯᠠᠪᠤᠷ ᠤᠨ ᠬᠠᠮᠢᠶᠠᠷᠤᠯᠲᠠ᠂ ᠠᠵᠢᠯᠯᠠᠬᠤ ᠲᠦᠷᠢᠮ᠂ ᠲᠥᠬᠦᠭᠡᠷᠦᠮᠵᠢ ᠪᠡᠯᠡᠳᠬᠡᠮᠵᠢ | ᠪᠠ ᠠᠵᠢᠯᠯᠠᠬᠤ ᠣᠷᠴᠢᠨ ᠲᠣᠭᠤᠷᠢᠨ ᠤ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠶᠢ ᠪᠡᠶᠡᠯᠡᠭᠦᠯᠦᠨ᠎ᠡ᠃ | ᠪᠠᠶᠢᠴᠠᠭᠠᠯᠲᠠ ᠪᠠᠷ ᠳᠡᠮᠵᠢᠨ᠂ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠥᠨᠳᠥᠷ ᠳᠤᠯᠠᠭᠠᠨ ᠳᠤ ᠲᠡᠮᠦᠷᠯᠢᠭ ᠬᠠᠶᠢᠯᠤᠭᠤᠯᠬᠤ᠂ ᠨᠡᠭᠦᠷᠡᠰᠦᠨ | ᠬᠡᠢ᠂ ᠠᠶᠤᠯ ᠶᠡᠬᠡᠲᠡᠶ ᠠᠵᠢᠯᠯᠠᠬᠤ᠂ ᠪᠠᠶᠢᠴᠠᠭᠠᠨ ᠰᠡᠯᠪᠢᠨ ᠵᠠᠰᠠᠬᠤ ᠪᠠ ᠭᠠᠳᠠᠭᠰᠢ ᠳᠠᠭᠠᠭᠠᠴᠢᠯᠠᠭᠤᠯᠬᠤ ᠪᠠᠷᠢᠯᠭ᠎ᠠ ᠶᠢ | ᠭᠤᠤᠯᠳᠠᠯᠭ᠎ᠠ ᠲᠠᠢ ᠠᠳᠬᠤᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ | ᠠᠵᠢᠯᠯᠠᠬᠤ ᠲᠤᠬᠠᠶ ᠶᠢᠨ ᠲᠠᠯᠠᠪᠤᠷ ᠲᠤ ᠣᠷᠣᠰᠢᠵᠤ ᠪᠠᠶᠢᠭ᠎ᠠ ᠠᠰᠠᠭᠤᠳᠠᠯ ᠤᠨ ᠳᠠᠯᠳᠠ ᠬᠡᠮ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠬᠠᠮᠢᠶᠠᠷᠤᠯᠲᠠ ᠳᠤ ᠣᠷᠣᠰᠢᠵᠤ ᠪᠠᠶᠢᠭ᠎ᠠ ᠳᠤᠲᠠᠭᠳᠠᠯ ᠢ ᠭᠦᠨᠵᠡᠭᠡᠶ | ᠡᠷᠢᠵᠦ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠬᠢᠨᠠᠨ ᠡᠵᠡᠮᠳᠡᠬᠦ ᠶᠢ | ᠴᠢᠩᠭᠠᠳᠬᠠᠨ᠂ ᠬᠦᠨᠳᠦ ᠶᠡᠭᠡ ᠠᠳᠡᠯ ᠤᠨ ᠳᠠᠯᠳᠠ ᠬᠡᠮ ᠢ ᠲᠦᠢᠯᠪᠤᠷᠢᠲᠠᠶ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ | ᠲᠤᠰᠬᠠᠶ ᠴᠡᠭᠴᠡᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠬᠤ ᠶᠢᠨ | ᠲᠥᠯᠥᠭᠡ ᠶᠤᠮ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |