ᠤᠯᠤᠰ ᠤᠨ ᠬᠥᠳᠡᠭᠡ ᠲᠣᠰᠬᠤᠨ ᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠬᠤᠸᠠᠳᠧ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠲᠠᠷᠢᠶᠠᠨ ᠭᠠᠵᠠᠷ ᠲᠤ ᠭᠦᠨᠵᠡᠭᠡᠶᠢᠷᠡᠨ ᠠᠵᠤ ᠦᠢᠯᠡᠰ ᠤᠨ ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/8/27

     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ

ᠲᠣᠮᠢᠯᠠᠭᠰᠠᠨ ᠪᠦᠯᠬᠦᠮ ᠤᠨ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠨᠢᠨ ᠳᠡᠭᠡᠷ᠎ᠡ ᠨᠢ

ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ

ᠲᠥᠯᠥᠭᠡ᠂ 8 ᠰᠠᠷ᠎ᠠ ᠶᠢᠨ 20 ᠤ ᠡᠳᠦᠷ᠂ ᠤᠯᠤᠰ ᠤᠨ ᠬᠥᠳᠡᠭᠡ ᠲᠣᠰᠬᠤᠨ ᠤ ᠭᠤᠣᠯᠳᠠᠯᠭ᠎ᠠ ᠲᠠᠢ ᠬᠠᠪᠰᠤᠷᠤᠨ

ᠲᠡᠳᠬᠦᠬᠦ ᠬᠤᠰᠢᠭᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠳᠠᠷᠤᠭ᠎ᠠ

ᠶᠢᠨ ᠢᠦᠢ ᠪᠣᠯᠤᠨ ᠰᠤᠳᠤᠯᠤᠭᠴᠢ ᠠᠴᠠ ᠪᠦᠯᠬᠦᠮ ᠤᠨ ᠪᠦᠷᠢᠯᠳᠦᠬᠦᠨ ᠢᠶᠠᠨ ᠳᠠᠭᠠᠭᠤᠯᠤᠨ ᠬᠤᠸᠠᠳᠧ ᠰᠢᠶᠠᠨ ᠤ

ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠳᠤ ᠲᠠᠷᠢᠶᠠᠨ ᠭᠠᠵᠠᠷ ᠲᠤ ᠭᠦᠨᠵᠡᠭᠡᠶᠢᠷᠡᠵᠦ᠂

ᠤᠷᠭᠤᠯᠲᠠ ᠶᠢᠨ ᠬᠤᠭᠤᠴᠠᠭᠠᠨ ᠤ ᠪᠠᠶᠢᠴᠠᠭᠠᠯᠲᠠ ᠬᠢᠭᠰᠡᠨ ᠪᠥᠭᠡᠳ ᠲᠤᠬᠠᠢ ᠶᠢᠨ ᠲᠠᠯᠠᠪᠠᠢ ᠶᠢᠨ ᠮᠡᠷᠭᠡᠵᠢᠯ ᠤᠨ

ᠵᠢᠯᠤᠭᠤᠳᠤᠯᠭ᠎ᠠ ᠬᠢᠵᠡᠢ᠃

1724654024442065476.jpg

    ᠤᠯᠠᠭᠠᠨᠴᠠᠪ ᠣᠷᠣᠨ ᠤ ᠣᠶᠢᠷ᠎ᠠ ᠶᠢᠨ ᠬᠤᠭᠤᠴᠠᠭᠠᠨ ᠳᠤ ᠠᠭᠤᠷ ᠠᠮᠢᠰᠬᠤᠯ ᠤᠨ ᠣᠨᠴᠠᠯᠢᠭ ᠲᠠᠢ

ᠤᠶᠠᠯᠳᠤᠭᠤᠯᠤᠨ᠂ ᠶᠢᠨ ᠢᠦᠶ ᠪᠣᠯᠤᠨ ᠪᠦᠯᠬᠦᠮ ᠤᠨ ᠳᠠᠷᠤᠭ᠎ᠠ ᠲᠠᠷᠢᠮᠠᠯ ᠤᠨ ᠦᠶ᠋ᠯᠡᠰ ᠤᠨ ᠪᠥᠬᠦ ᠲᠠᠯ᠎ᠠ ᠠᠴᠠ

ᠡᠭᠦᠰᠴᠦ᠂ ᠲᠤᠬᠠᠶ ᠶᠢᠨ ᠲᠠᠯᠠᠪᠠᠶ ᠳᠤ ᠪᠤᠭᠤᠳᠠᠢ᠂ ᠨᠣᠬᠠᠶ ᠶᠢᠨ ᠬᠤᠰᠢᠭᠤ ᠵᠡᠷᠭᠡ ᠲᠥᠷᠥᠯ ᠵᠦᠶ᠋ᠯ ᠤᠨ

ᠤᠷᠭᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠦᠶᠡᠷ ᠢ ᠰᠡᠷᠭᠡᠶᠢᠯᠡᠬᠦ ᠠᠵᠢᠯ ᠢ ᠴᠠᠭ ᠲᠤᠬᠠᠶ ᠳᠤᠨᠢ ᠬᠢᠵᠦ᠂

ᠡᠯ᠎ᠡ ᠲᠥᠷᠥᠯ ᠤᠨ ᠲᠠᠷᠢᠮᠠᠯ ᠤᠨᠠᠯᠲᠠ ᠶᠢᠨ ᠪᠠᠶᠢᠳᠠᠯ ᠢ ᠠᠩᠬᠠᠷᠴᠤ᠂ ᠪᠣᠯᠪᠠᠰᠤᠷᠠᠬᠤ ᠬᠤᠭᠤᠴᠠᠭ᠎ᠠ ᠵᠡᠷᠭᠡ ᠦᠨᠳᠦᠰᠦᠨ

ᠪᠠᠶᠢᠳᠠᠯ ᠢ ᠠᠵᠢᠭᠯᠠᠨ ᠲᠡᠮᠳᠡᠭᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃

    ᠲᠥᠮᠥᠰᠥ ᠶᠢᠨ ᠲᠠᠷᠢᠶᠠᠨ ᠭᠠᠵᠠᠷ ᠤᠨ ᠵᠢᠱᠢᠶ᠎ᠡ ᠦᠵᠡᠭᠦᠯᠦᠨ ᠰᠢᠨ᠎ᠡ ᠡᠭᠦᠯᠳᠡᠷ ᠢ ᠳᠡᠯᠭᠡᠨ ᠦᠵᠡᠭᠦᠯᠵᠦ᠂ ᠶᠢᠨ

ᠢᠦᠶ ᠪᠣᠯᠤᠨ ᠪᠦᠯᠬᠦᠮ ᠤᠨ ᠳᠠᠷᠤᠭ᠎ᠠ ᠵᠢᠴᠢ ᠪᠦᠯᠬᠦᠮ ᠤᠨ ᠭᠡᠰᠢᠭᠦᠨ ᠠᠴᠠ ᠲᠠᠷᠢᠮᠠᠯ ᠤᠨ ᠡᠷᠦᠬᠡ ᠠᠴᠠ ᠡᠯ᠎ᠡ

ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠠᠷᠢᠶᠠᠨ ᠭᠠᠵᠠᠷ ᠤᠨ ᠤᠷᠭᠤᠴᠠ ᠶᠢᠨ ᠪᠠᠶᠢᠳᠠᠯ᠂ ᠴᠢᠬᠢᠯᠡᠬᠦ

ᠬᠤᠭᠤᠴᠠᠭ᠎ᠠ᠂ ᠴᠡᠴᠡᠭ ᠳᠡᠯᠭᠡᠷᠡᠬᠦ ᠬᠤᠭᠤᠴᠠᠭ᠎ᠠ ᠵᠡᠷᠭᠡ ᠦᠨᠳᠦᠰᠦᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠭᠰᠠᠨ

ᠪᠥᠭᠡᠳ ᠰᠢᠨ᠎ᠡ ᠲᠥᠷᠥᠯ ᠵᠦᠢᠯ ᠳᠤ ᠵᠣᠬᠢᠴᠠᠬᠤ ᠲᠠᠯ᠎ᠠ ᠠᠴᠠ ᠡᠯ᠎ᠡ ᠳᠡᠯᠭᠡᠨ ᠦᠵᠡᠭᠦᠯᠬᠦ ᠲᠥᠷᠥᠯ ᠵᠦᠢᠯ ᠳᠤ

ᠰᠠᠭᠤᠷᠢ ᠪᠠᠷ ᠥᠨᠳᠥᠷ᠂ ᠡᠰᠢ ᠪᠦᠳᠦᠭᠦᠯᠢᠭ᠂ ᠭᠤᠤᠯ ᠡᠰᠢ ᠶᠢᠨ ᠲᠤᠭ᠎ᠠ᠂ ᠲᠠᠩ ᠰᠠᠭᠤᠷᠢ ᠶᠢᠨ ᠤᠨᠠᠯᠲᠠ ᠵᠡᠷᠭᠡ

ᠭᠦᠢᠴᠡᠳᠬᠡᠯ ᠲᠤᠭ᠎ᠠ ᠶᠢᠨ ᠨᠠᠷᠢᠨ ᠪᠠᠶᠢᠴᠠᠭᠠᠯᠲᠠ ᠬᠢᠵᠦ᠂ ᠢᠯᠠᠩᠭᠤᠶ᠎ᠠ ᠤᠯᠠᠭᠠᠨᠴᠠᠪ ᠬᠤᠲᠠ ᠶᠢᠨ ᠲᠠᠷᠢᠶᠠᠯᠠᠩ ᠣᠶ

ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠲᠥᠮᠥᠰᠥ ᠶᠢᠨ ᠰᠤᠳᠤᠯᠭᠠᠨ ᠤ ᠪᠦᠯᠬᠦᠮ ᠤᠨ

ᠰᠣᠩᠭᠤᠨ ᠪᠤᠶᠢᠵᠢᠭᠤᠯᠤᠭᠰᠠᠨ ︽ᠥᠪᠥᠷ ᠮᠣᠩᠭᠤᠯ ᠤᠨ ᠦᠯᠵᠡᠶᠢᠲᠦ ᠲᠥᠮᠥᠰᠥ ᠶᠢᠨ ᠰᠢᠷᠢᠰ︾ ᠤᠨ ᠰᠢᠨ᠎ᠡ ᠲᠥᠷᠥᠯ

ᠵᠦᠢᠯ ᠳᠤ ᠲᠥᠷᠥᠯ ᠬᠡᠯᠪᠡᠷᠢ ᠶᠢᠨ ᠦᠷ᠎ᠡ ᠶᠢᠨ ᠣᠨᠴᠠᠯᠢᠭ ᠵᠢᠴᠢ ᠬᠠᠷᠢᠯᠴᠠᠨ ᠢᠵᠢ ᠪᠥᠷᠢᠳᠦᠭᠰᠡᠨ ᠳᠠᠷᠢᠵᠤ

ᠪᠤᠶᠢᠵᠢᠭᠤᠯᠬᠤ ᠮᠡᠷᠭᠡᠵᠢᠯ ᠤᠨ ᠲᠤᠬᠠᠶ ᠶᠢᠨ ᠲᠠᠯᠠᠪᠠᠶ ᠳᠤ ᠲᠠᠶᠢᠯᠤᠮᠵᠢ ᠬᠢᠪᠠ᠃ ᠡᠭᠦᠨ ᠤ ᠬᠠᠮᠲᠤ᠂ ᠥᠰᠦᠯᠲᠡ ᠶᠢᠨ

ᠰᠡᠭᠦᠯᠴᠢ ᠶᠢᠨ ᠬᠤᠭᠤᠴᠠᠭᠠᠨ ᠳᠤ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠣᠨᠴᠠᠭᠠᠶᠢᠯᠠᠨ

ᠲᠥᠮᠥᠰᠥ ᠶᠢᠨ ᠰᠡᠭᠦᠯᠴᠢ ᠶᠢᠨ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠰᠡᠷᠭᠡᠶᠢᠯᠡᠨ ᠵᠠᠰᠠᠬᠤ ᠶᠢ

ᠠᠩᠬᠠᠷᠴᠤ᠂ ᠲᠠᠷᠢᠶᠠᠨ ᠭᠠᠵᠠᠷ ᠤᠨ ᠤᠨᠠᠯᠲᠠ ᠶᠢ ᠬᠡᠮᠵᠢᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ

ᠭᠠᠷᠭᠠᠪᠠ᠃

图片2.png

    ᠲᠣᠰ ᠤᠳᠠᠭᠠᠨ ᠤ ᠲᠠᠷᠢᠶᠠᠨ ᠭᠠᠵᠠᠷ ᠤᠨ ᠮᠡᠷᠭᠡᠵᠢᠯ ᠤᠨ ᠵᠢᠯᠣᠭᠤᠳᠣᠯᠭ᠎ᠠ ᠨᠢ ᠲᠠᠷᠢᠮᠠᠯ ᠤᠨ ᠡᠷᠦᠬᠡ ᠶᠢᠨ

ᠳᠡᠭᠡᠳᠦ ᠬᠡᠮᠵᠢᠶᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠨᠢᠭᠡ ᠲᠠᠯ᠎ᠠ ᠪᠠᠷ᠂ ᠲᠠᠷᠢᠮᠠᠯ ᠤᠨ ᠡᠷᠦᠬᠡ ᠲᠠᠢ

ᠨᠢᠭᠤᠷᠳᠠᠨ ᠶᠠᠷᠢᠯᠴᠠᠵᠤ᠂ ᠭᠠᠷ ᠲᠤ ᠪᠠᠨ ᠰᠤᠳᠠᠯ ᠪᠠᠷᠢᠵᠤ ᠣᠨᠣᠰᠢᠯᠠᠵᠤ᠂ ᠤᠯᠤᠯᠴᠠᠭ᠎ᠠ ᠬᠠᠷᠢᠯᠴᠠᠭ᠎ᠠ ᠪᠠᠨ

ᠴᠢᠩᠭᠠᠳᠬᠠᠵᠤ᠂ ᠲᠠᠷᠢᠬᠤ ᠮᠡᠷᠭᠡᠵᠢᠯ ᠢ ᠪᠣᠯᠪᠠᠰᠤᠷᠠᠭᠤᠯᠵᠤ᠂ ᠲᠤᠬᠠᠢ ᠶᠢᠨ ᠭᠠᠵᠠᠷ ᠤᠨ ᠴᠢᠳᠠᠪᠤᠷᠢᠲᠠᠨ ᠤ ᠤᠯᠠᠮᠵᠢᠯᠠᠬᠤ

ᠬᠠᠪᠰᠤᠷᠬᠤ ᠳᠠᠭᠠᠭᠤᠯᠬᠤ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠪᠡ᠃ ᠨᠥᠭᠦᠭᠡ ᠲᠠᠯ᠎ᠠ ᠪᠠᠷ᠂ ᠳᠡᠯᠭᠡᠨ

ᠦᠵᠡᠭᠦᠯᠬᠦ ᠲᠥᠷᠥᠯ ᠵᠦᠢᠯ ᠤᠨ ᠲᠠᠷᠢᠶᠠᠨ ᠭᠠᠵᠠᠷ ᠤᠨ ᠢᠯᠡᠷᠡᠯ ᠢ ᠰᠢᠭᠤᠳ ᠪᠠᠶᠢᠴᠠᠭᠠᠨ ᠦᠵᠡᠵᠦ᠂ ᠡᠯ᠎ᠡ ᠲᠥᠷᠥᠯ

ᠵᠦᠢᠯ ᠤᠨ ᠲᠤᠬᠠᠶ ᠶᠢᠨ ᠭᠠᠵᠠᠷ ᠲᠠᠬᠢ ᠵᠣᠬᠢᠴᠠᠬᠤ ᠴᠢᠨᠠᠷ ᠪᠠ ᠡᠯᠪᠡᠭ ᠬᠤᠷᠢᠶᠠᠯᠲᠠ ᠶᠢᠨ ᠴᠢᠨᠠᠷ ᠢ ᠣᠶᠢᠯᠠᠭᠠᠵᠤ᠂

ᠲᠠᠷᠠᠭᠠᠴᠢ ᠶᠢᠨ ᠠᠯᠬᠤᠮ ᠤᠨ ᠰᠢᠨ᠎ᠡ ᠲᠥᠷᠥᠯ ᠵᠦᠢᠯ ᠢ ᠶᠡᠭᠡ ᠬᠡᠪᠴᠢᠶ᠎ᠡ ᠪᠠᠷ ᠳᠡᠯᠭᠡᠷᠡᠭᠦᠯᠬᠦ ᠳᠤ ᠮᠡᠷᠭᠡᠵᠢᠯ ᠤᠨ

ᠲᠤᠯᠭᠠᠭᠤᠷᠢᠯᠠᠯ ᠬᠠᠩᠭᠠᠵᠤ᠂ ᠰᠢᠨ᠎ᠡ ᠲᠥᠷᠥᠯ ᠵᠦᠢᠯ ᠢ ᠨᠠᠩ ᠲᠦᠷᠭᠡᠨ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ

ᠠᠬᠢᠭᠤᠯᠤᠨ᠂ ᠠᠵᠤ ᠦᠢᠯᠡᠰ ᠤᠨ ᠬᠥᠭᠵᠢᠨ ᠮᠠᠨᠳᠤᠬᠤ ᠶᠢ ᠳᠠᠶᠢᠴᠢᠯᠠᠪᠠ᠃ ︵ᠢᠷᠡᠯᠲᠡ᠄ ᠤᠯᠠᠭᠠᠨᠴᠠᠪ ᠬᠤᠲᠠ ᠶᠢᠨ

ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ︶ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2