ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠬᠤᠸᠠᠳᠧ ᠰᠢᠶᠠᠨ ᠤ ᠴᠢᠩ ᠯᠧ ᠲᠣᠰᠬᠤᠨ ᠳᠤ ᠬᠠᠶᠢᠷ᠎ᠠ ᠬᠠᠯᠠᠮᠵᠢ ᠶᠢᠨ ᠡᠳ᠋ ᠪᠣᠳᠠᠰ ᠬᠠᠨᠳᠢᠪᠯᠠᠪᠠ
ᠨᠡᠶᠢᠲᠡᠯᠡᠭᠰᠡᠨ ᠴᠠᠭ᠄
2024/8/27

   ᠨᠠᠮᠤᠷ ᠤᠨ ᠠᠭᠤᠷ ᠠᠮᠢᠰᠬᠤᠯ ᠲᠠᠭᠠᠯᠠᠮᠵᠢᠳᠠᠢ᠂ ᠡᠯᠪᠡᠭ ᠳᠡᠯᠪᠡᠭ ᠦᠷ᠎ᠡ ᠪᠦᠲᠦᠭᠡᠯ ᠤᠯᠪᠠ᠃ 8 ᠰᠠᠷ᠎ᠠ ᠶᠢᠨ

21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠬᠤᠸᠠᠳᠧ

ᠰᠢᠶᠠᠨ ᠤ ᠴᠢᠩ ᠯᠧ ᠲᠣᠰᠬᠤᠨ ᠳᠤ ᠬᠠᠶᠢᠷ᠎ᠠ ᠬᠠᠯᠠᠮᠵᠢ ᠶᠢᠨ ᠡᠳ᠋ ᠪᠣᠳᠠᠰ ᠬᠠᠨᠳᠢᠪᠯᠠᠬᠤ ᠶᠣᠰᠣᠯᠠᠯ ᠴᠢᠩ ᠯᠧ

ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠶᠠᠪᠤᠭᠳᠠᠪᠠ᠃

    ᠲᠣᠰ ᠤᠳᠠᠭᠠᠨ ᠤ ᠠᠯᠲᠠᠨ ᠨᠠᠮᠤᠷ ᠲᠣᠰᠬᠤᠨ ᠳᠤ ᠰᠠᠭᠤᠵᠤ ᠬᠠᠪᠰᠤᠷᠤᠨ ᠲᠡᠳᠬᠦᠵᠦ ᠪᠡᠯᠡᠭᠯᠡᠨ ᠬᠦᠷᠭᠡᠬᠦ

ᠠᠵᠢᠯᠯᠠᠭ᠎ᠠ ᠶᠢ ᠥᠷᠨᠢᠭᠦᠯᠵᠦ᠂ ᠲᠣᠰᠬᠤᠨ ᠤ ᠠᠷᠠᠳ ᠲᠤ 180 ᠬᠤᠨᠢᠨ ᠨᠣᠤᠰᠣᠨ ᠬᠡᠪᠢᠰ᠂ 90 ᠬᠠᠯᠠᠭᠤᠨ ᠤᠰᠤ

ᠠᠪᠴᠤ ᠶᠠᠪᠤᠬᠤ᠂ 600 ᠳᠡᠭᠦᠵᠢᠯᠡᠭᠦᠷ ᠤᠭᠤᠲᠠ ᠬᠦᠷᠭᠡᠪᠡ᠃

1724654303101014140.png

    ᠲᠣᠰᠬᠤᠨ ᠳᠤ ᠰᠠᠭᠤᠭᠰᠠᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ

ᠬᠥᠭᠵᠢᠭᠦᠯᠦᠯᠲᠡ ᠶᠢᠨ ᠪᠠᠩᠬᠢ ᠠᠴᠠ ᠴᠢᠩ ᠯᠧ ᠲᠣᠰᠬᠤᠨ ᠳᠤ ᠲᠣᠮᠢᠯᠠᠨ ᠰᠠᠭᠤᠯᠭᠠᠭᠰᠠᠨ ᠨᠢᠭᠡᠳᠦᠭᠡᠷ ᠱᠦᠵᠢ ᠴᠧᠨ

ᠯᠢ ᠵᠢᠶᠦ᠋ᠨ ᠢᠳᠡᠪᠬᠢᠲᠡᠢ ᠪᠠᠷ ᠰᠤᠷᠪᠤᠯᠵᠢᠯᠠᠨ ᠪᠠᠶᠢᠴᠠᠭᠠᠵᠤ᠂ ᠲᠣᠰᠬᠤᠨ ᠤ ᠬᠠᠮᠲᠤ ᠨᠡᠶᠢᠳᠡ ᠪᠣᠯᠤᠨ ᠤᠯᠠᠨ

ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ᠂ ᠬᠦᠴᠦ

ᠣᠷᠣᠭᠤᠯᠤᠨ ᠬᠠᠪᠰᠤᠷᠤᠨ ᠰᠢᠢᠳᠪᠦᠷᠢᠯᠡᠪᠡ᠃ ᠲᠣᠰᠬᠤᠨ ᠳᠤ ᠰᠠᠭᠤᠭ᠎ᠠ ᠭᠤᠷᠪᠠᠨ ᠵᠢᠯ ᠤᠨ ᠲᠤᠷᠰᠢ᠂ ᠴᠢᠩ ᠯᠧ

ᠲᠣᠰᠬᠤᠨ ᠤ ᠠᠷᠠᠳ ᠤᠨ ᠵᠥᠪᠯᠡᠯ ᠳᠤ ᠴᠠᠬᠢᠯᠭᠠᠨ ᠳᠤᠯᠠᠭᠠᠯᠠᠭ᠎ᠠ᠂ ᠬᠤᠭ ᠨᠣᠪᠰᠢ ᠬᠤᠳᠠᠯᠳᠤᠨ ᠠᠪᠬᠤ᠂ ᠬᠠᠷᠢᠶ᠎ᠠ

ᠠᠶᠢᠯ ᠲᠣᠰᠬᠤᠨ ᠳᠤ ᠨᠡᠷᠡᠨ ᠡᠨᠧᠷᠭᠢ ᠶᠢᠨ ᠵᠠᠮ ᠤᠨ ᠳ᠋ᠧᠩ ᠤᠭᠰᠠᠷᠠᠬᠤ᠂ ᠲᠠᠷᠢᠶᠠᠯᠠᠩ ᠤᠨ ᠲᠠᠯᠠᠪᠠᠶ ᠶᠢᠨ ᠠᠶᠢᠯ

ᠲᠣᠰᠬᠤᠨ ᠳᠤ ᠢᠨᠲ᠋ᠧᠷ ᠰᠦᠯᠵᠢᠶ᠎ᠡ ᠶᠢ ᠵᠣᠬᠢᠴᠠᠭᠤᠯᠤᠨ ᠨᠡᠪᠲᠡᠷᠡᠭᠦᠯᠬᠦ᠂ ᠵᠢᠯ ᠪᠦᠷᠢ ᠶᠢᠨ ᠴᠠᠭᠠᠨ ᠰᠠᠷ᠎ᠠ ᠶᠢᠨ

ᠲᠦᠭᠡᠮᠡᠯ ᠬᠠᠷᠠᠭᠠᠯᠵᠠᠯ ᠤᠨ ᠴᠢᠨᠠᠷᠲᠠᠶ ᠲᠣᠬᠤᠨᠢᠭᠤᠯᠬᠤ ᠠᠵᠢᠯᠯᠠᠭ᠎ᠠ ᠥᠷᠨᠢᠭᠦᠯᠬᠦ᠂ ᠬᠢᠨᠠᠨ ᠬᠡᠮᠵᠢᠬᠦ ᠡᠷᠦᠬᠡ ᠳᠤ

ᠬᠠᠪᠰᠤᠷᠤᠨ ᠲᠡᠳᠬᠦᠵᠦ ᠬᠤᠨᠢ ᠦᠢᠯᠡᠳᠪᠦᠷᠢᠯᠡᠬᠦ ᠵᠡᠷᠭᠡ ᠨᠢᠭᠡ ᠤᠳᠠᠭᠠᠨ ᠤ ᠬᠠᠨᠳᠢᠪ ᠤᠨ ᠠᠵᠢᠯᠯᠠᠭ᠎ᠠ ᠳᠤᠮᠳᠠ᠂

ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠥᠷᠭᠡᠨ ᠳᠡᠯᠭᠡᠷ ᠮᠠᠭᠲᠠᠭᠠᠯ ᠪᠠ ᠰᠠᠶᠢᠨ

ᠦᠨᠡᠯᠡᠯᠲᠡ ᠶᠢ ᠣᠯᠤᠭᠰᠠᠨ ᠪᠠᠶᠢᠨ᠎ᠠ᠃

1724720067368036965.png

    ︽ᠠᠷᠠᠳ ᠤᠨ ᠲᠥᠯᠥᠭᠡ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠲᠤᠰᠬᠠᠯ ᠲᠠᠢ ᠪᠠᠶᠢᠨ᠎ᠠ︾ ᠭᠡᠬᠦ ᠪᠣᠯ

ᠴᠢᠩ ᠯᠧ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠴᠧᠨ ᠯᠢ ᠵᠢᠶᠦ᠋ᠨ ᠤ ᠲᠣᠰᠬᠤᠨ ᠳᠤ

ᠰᠠᠭᠤᠭ᠎ᠠ ᠠᠵᠢᠯ ᠤᠨ ᠣᠶᠢᠯᠠᠭᠠᠭᠳᠠᠬᠤᠨ ᠪᠣᠯᠤᠨ᠎ᠠ᠃ ᠬᠤᠶᠢᠰᠢᠳᠠ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠠᠵᠢᠯ ᠤᠨ ᠭᠦᠨᠵᠡᠭᠡᠢ ᠥᠷᠨᠢᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ︽ᠨᠠᠮ ᠤᠨ ᠠᠴᠢ ᠳᠤ

ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ

ᠦᠢᠯᠡᠳᠦᠯᠭᠡ ᠶᠢᠨ ᠠᠵᠢᠯᠯᠠᠭ᠎ᠠ ᠶᠢ ᠤᠯᠠᠨ ᠲᠦᠮᠡᠨ ᠤ ᠰᠡᠳᠬᠢᠨ ᠪᠤᠳᠤᠬᠤ᠂ ᠬᠦᠰᠡᠨ ᠡᠷᠡᠮᠡᠯᠵᠡᠬᠦ ᠶᠢ ᠤᠶᠠᠯᠳᠤᠭᠤᠯᠵᠤ᠂

ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2