ᠤᠯᠠᠭᠠᠨᠴᠠᠪ ᠤᠨ ᠬᠤᠸᠠᠳᠧ ᠰᠢᠶᠠᠨ ᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠤᠨ | ᠲᠣᠤᠷᠵᠢᠭᠤᠯᠤᠭᠰᠠᠨ ᠢᠨᠵᠧᠨᠧᠷᠢᠩ ᠤᠨ ᠲᠥᠷᠥᠯ ᠵᠦᠢᠯ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠲᠦᠷ | ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠥᠰᠥᠭ ﹇2012﹈ | 2993 ᠳ᠋ᠤᠭᠠᠷ ᠲᠣᠭᠠᠲᠤ︶᠂ ︽ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠵᠠᠳᠠᠯᠬᠤ ᠬᠠᠭᠤᠳᠠᠰᠤ ᠪᠠ ᠦᠨᠡᠯᠡᠨ | ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠬᠥᠲᠥᠯᠪᠦᠷᠢ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ | ᠶᠠᠪᠤᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ | ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠠᠯᠪᠠᠨ ᠲᠠᠷᠬᠠᠭᠠᠭᠰᠠᠨ ﹇2013﹈ 428 ᠳ᠋ᠤᠭᠠᠷ ᠲᠣᠭᠠᠲᠤ︶ | ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ | ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯᠯᠠᠭᠠᠨ ᠤ ᠳᠦᠷᠢᠮ ︵ᠲᠤᠷᠰᠢᠨ ᠬᠡᠷᠡᠭᠵᠢᠭᠦᠯᠬᠦ︶ | ︾ ︵ᠥᠪᠥᠷ ᠲᠣᠭᠲᠠᠭᠤᠨ ᠲᠠᠷᠬᠠᠭᠠᠭᠰᠠᠨ ︹2016︺ 1 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠲᠣᠰ ᠲᠥᠷᠥᠯ ᠵᠦᠢᠯ ᠤᠨ ᠨᠡᠶᠢᠭᠡᠮ ᠤᠨ | ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠬᠤᠯᠪᠣᠭᠳᠠᠯ ᠪᠦᠬᠦᠢ ᠠᠭᠤᠯᠭ᠎ᠠ ᠵᠢᠴᠢ ᠵᠦᠢᠯᠡᠰ ᠢ | ᠳᠣᠤᠷᠠᠬᠢ ᠮᠡᠲᠦ ᠵᠠᠷᠯᠠᠶ᠎ᠠ᠄ | ᠨᠢᠭᠡ᠂ ᠲᠥᠷᠥᠯ ᠵᠦᠢᠯ ᠤᠨ ᠪᠠᠶᠢᠳᠠᠯ ᠤᠨ ᠲᠣᠪᠴᠢ ᠮᠡᠳᠡᠭᠦᠯᠦᠯᠲᠡ | ᠤᠯᠠᠭᠠᠨᠴᠠᠪ ᠤᠨ ᠬᠤᠸᠠᠳᠧ ᠰᠢᠶᠠᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠤᠭᠰᠠᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ | ︶ ᠤᠨ ᠲᠣᠤᠷ ᠲᠤ ᠵᠠᠯᠭᠠᠬᠤ ᠢᠨᠵᠧᠨᠧᠷᠢᠩ ᠤᠨ ᠲᠥᠷᠥᠯ ᠵᠦᠢᠯ ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ | ᠳᠡᠪᠡᠭᠡᠲᠤ ᠰᠢᠶᠠᠩ ᠤᠨ ᠳᠡᠪᠡᠭᠡᠲᠤ ᠲᠣᠰᠬᠤᠨ︔ ᠴᠠᠩᠱᠦ᠋ᠨ ᠪᠠᠯᠭᠠᠰᠤᠨ ᠤ ᠡᠷᠳᠡᠨᠢᠲᠤ ᠲᠣᠰᠬᠤᠨ᠂ ᠯᠦ ᠢ | ᠲᠣᠰᠬᠤᠨ︔ ᠴᠤᠤᠶᠠᠩ ᠪᠠᠯᠭᠠᠰᠤᠨ ᠤ ᠰᠢᠨ ᠷᠦᠩ ᠲᠣᠰᠬᠤᠨ᠂ ᠪᠠᠶᠠᠨᠲᠠᠯ᠎ᠠ ᠰᠢᠶᠠᠩ ᠤᠨ ᠮᠢᠨ ᠵᠢᠶᠠᠨ ᠲᠣᠰᠬᠤᠨ | ᠂ ᠰᠢᠨ ᠵᠢᠶᠠᠨ ᠲᠣᠰᠬᠤᠨ᠂ ᠶᠦᠩ ᠬᠤᠩ ᠲᠣᠰᠬᠤᠨ ᠤ ᠬᠢᠯᠢ ᠳᠣᠲᠣᠷ᠎ᠠ ᠪᠠᠶᠢᠷᠢᠯᠠᠵᠤ ᠪᠠᠶᠢᠳᠠᠭ᠃ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠨᠢ ᠭᠠᠵᠠᠷ ᠣᠷᠣᠨ ᠤ ᠡᠨᠧᠷᠭᠢ ᠶᠢᠨ ᠪᠦᠲᠦᠴᠡ ᠶᠢ ᠰᠠᠶᠢᠵᠢᠷᠠᠭᠤᠯᠵᠤ᠂ | ᠤᠯᠤᠰ ᠤᠨ ᠡᠨᠧᠷᠭᠢ ᠶᠢᠨ ᠲᠥᠷᠥ ᠶᠢᠨ ᠪᠣᠳᠣᠯᠭ᠎ᠠ ᠳᠤ ᠨᠡᠶᠢᠴᠡᠵᠦ᠂ ᠨᠡᠶᠢᠭᠡᠮ ᠤᠨ ᠦᠷ᠎ᠡ ᠠᠰᠢᠭ ᠢᠶᠠᠷ ᠨᠡᠯᠢᠶᠡᠳ | ᠰᠠᠶᠢᠨ ᠪᠠᠶᠢᠵᠤ᠂ ᠭᠠᠵᠠᠷ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ | ᠨᠡᠶᠢᠴᠡᠨ᠎ᠡ᠃ | ᠲᠣᠰ ᠢᠨᠵᠧᠨᠧᠷᠢᠩ ᠳᠤ 1 ᠤᠳᠠᠭ᠎ᠠ 220kV ᠱᠤᠭᠤᠮ ᠭᠠᠷᠭᠠᠵᠤ᠂ ᠱᠤᠭᠤᠮ ᠳᠡᠭᠡᠷ᠎ᠡ ᠳ᠋ᠠ ᠲᠠᠩ ᠬᠡᠷᠡᠯ | ᠴᠡᠨᠡᠭ ᠤᠨ ᠳᠠᠷᠤᠯᠲᠠ ᠳᠡᠭᠡᠭᠰᠢᠯᠡᠭᠦᠯᠬᠦ ᠥᠷᠲᠡᠭᠡ ᠠᠴᠠ ᠡᠬᠢᠯᠡᠨ᠂ 500kV ᠳ᠋ᠧ ᠶᠢᠨ ᠬᠦᠴᠦᠳᠡᠯ ᠥᠭᠡᠷᠡᠴᠢᠯᠡᠬᠦ | ᠥᠷᠲᠡᠭᠡ ᠶᠢᠨ 220kV ᠲᠠᠯ᠎ᠠ ᠳᠤ ᠵᠣᠭᠰᠣᠭᠠᠨ᠂ ᠲᠥᠰᠦᠯ ᠢ ᠠᠭᠠᠷ ᠤᠨ ᠵᠠᠮ ᠤᠨ ᠣᠷᠳᠣ ᠨᠢ ᠪᠠᠷᠤᠭ 22km | ᠪᠠᠶᠢᠵᠤ᠂ ᠪᠥᠬᠦ ᠱᠤᠭᠤᠮ ᠤᠨ ᠲᠠᠩ ᠪᠤᠴᠠᠯ ᠱᠤᠭᠤᠮ ᠤᠨ ᠵᠢᠶᠠᠰᠠ ᠶᠢ ᠲᠣᠬᠢᠷᠠᠭᠤᠯᠬᠤ ᠪᠠᠷ ᠲᠥᠯᠥᠪᠯᠡᠵᠦ ᠪᠣᠶ᠃ | ᠲᠤᠰ ᠲᠥᠷᠥᠯ ᠵᠦᠢᠯ ᠤᠨ ᠪᠠᠷᠢᠯᠭ᠎ᠠ ᠶᠢᠨ ᠶᠡᠷᠦᠩᠬᠡᠢ ᠬᠥᠷᠥᠩᠭᠡ ᠣᠷᠣᠭᠤᠯᠤᠯᠲᠠ ᠨᠢ ᠣᠶᠢᠷᠠᠯᠴᠠᠭ᠎ᠠ ᠪᠠᠷ | 5555 ᠮᠢᠩᠭᠠᠨ ᠶᠤᠸᠠᠨ᠃ | ᠬᠤᠶᠠᠷ᠂ ᠲᠥᠷᠥᠯ ᠵᠦᠢᠯ ᠣᠷᠣᠰᠢᠵᠤ ᠮᠡᠳᠡᠬᠦ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠶᠤᠯ | ᠲᠦᠭᠰᠢᠭᠦᠷᠢ ᠶᠢᠨ ᠲᠦᠢᠮᠣ ᠪᠠᠶᠢᠳᠠᠯ | ᠲᠣᠰ ᠲᠥᠷᠥᠯ ᠵᠦᠢᠯ ᠨᠢ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠶᠤᠯ ᠲᠦᠭᠰᠢᠭᠦᠷᠢ | ᠡᠭᠦᠰᠬᠦ ᠪᠣᠯᠤᠯᠴᠠᠭ᠎ᠠ ᠨᠢ ᠭᠤᠤᠯᠳᠠᠭᠤ ᠳᠣᠤᠷᠠᠬᠢ ᠬᠡᠳᠦᠨ ᠲᠠᠯ᠎ᠠ ᠪᠣᠯᠤᠨ᠎ᠠ᠄ | ᠪᠠᠷᠢᠯᠭ᠎ᠠ ᠪᠠᠷᠢᠬᠤ ᠬᠤᠭᠤᠴᠠᠭᠠᠨ ᠤ ᠡᠷᠬᠢᠨ ᠲᠣᠭᠤᠷᠢᠨ ᠤ ᠵᠠᠮ ᠬᠠᠷᠢᠯᠴᠠᠭ᠎ᠠ ᠳᠤ ᠦᠵᠡᠭᠦᠯᠬᠦ ᠨᠥᠯᠥᠭᠡ︔ ᠠᠮᠢ | ᠠᠬᠤᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ︔ ᠪᠠᠷᠢᠯᠭ᠎ᠠ ᠪᠠᠷᠢᠬᠤ ᠬᠤᠭᠤᠴᠠᠭᠠᠨ ᠳᠤ ᠡᠭᠦᠰᠦᠭᠰᠡᠨ | ᠱᠤᠤᠭᠢᠶᠠᠨ᠂ ᠲᠣᠭᠤᠰᠣ ᠳᠡᠭᠳᠡᠬᠦ᠂ ᠪᠣᠬᠢᠷ ᠤᠰᠤ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠨᠥᠯᠥᠭᠡ︔ | ᠪᠠᠷᠢᠯᠭ᠎ᠠ ᠪᠠᠷᠢᠬᠤ ᠬᠤᠭᠤᠴᠠᠭᠠᠨ ᠳᠠᠬᠢ ᠠᠮᠤᠷ ᠲᠦᠪᠰᠢᠨ ᠤ ᠨᠥᠯᠥᠭᠡ︔ ᠵᠢᠱᠢᠶᠡᠯᠡᠪᠡᠯ ᠮᠧᠬᠠᠨᠢᠭ ᠭᠡᠮᠲᠦᠯ᠂ | ᠴᠠᠬᠢᠯᠭᠠᠨ ᠤ ᠭᠡᠮᠲᠦᠯ᠂ ᠭᠠᠯ ᠤᠨ ᠠᠶᠤᠯ ᠵᠡᠷᠭᠡ︔ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠠᠬᠢ ᠨᠡᠭᠦᠳᠡᠯ | ᠬᠥᠮᠦᠨ ᠠᠮᠠ ᠶᠢᠨ ᠬᠠᠮᠢᠶᠠᠷᠤᠯᠲᠠ ᠬᠢᠭᠡᠳ ᠨᠡᠶᠢᠭᠡᠮ ᠤᠨ ᠠᠮᠤᠷ ᠲᠦᠪᠰᠢᠨ ᠵᠡᠷᠭᠡ ᠬᠦᠴᠦᠨ ᠵᠦᠢᠯ ᠪᠣᠯᠤᠨ᠎ᠠ᠃ | ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ | ᠰᠠᠨᠠᠯ ᠪᠣᠯᠤᠨ ᠰᠠᠨᠠᠭᠤᠯᠭ᠎ᠠ ᠶᠢᠨ ᠥᠷᠭᠡᠨ ᠳᠡᠯᠭᠡᠷ ᠴᠢᠨᠠᠷ ᠢ ᠪᠠᠲᠤᠯᠠᠬᠤ ᠶᠢᠨ ᠲᠤᠰᠠᠳᠠ᠂ ᠲᠤᠰ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠰᠢᠭ ᠲᠤᠰᠠ ᠶᠢᠨ ᠬᠠᠮᠲᠤᠯᠢᠭ ᠤᠨ ᠲᠤᠰ ᠵᠦᠢᠯ ᠤᠨ | ᠡᠯ᠎ᠡ ᠲᠠᠯ᠎ᠠ ᠶᠢᠨ ᠪᠠᠶᠢᠳᠠᠯ ᠢ ᠣᠶᠢᠯᠠᠭᠠᠭᠤᠯᠪᠠ᠃ | ︵1︶ ᠣᠯᠠᠨ ᠨᠡᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ᠄ ᠲᠤᠰ ᠲᠥᠷᠥᠯ ᠵᠦᠢᠯ ᠳᠤ ᠬᠤᠯᠪᠣᠭᠳᠠᠭᠰᠠᠨ | ᠣᠯᠠᠨ ᠲᠦᠮᠡᠨ ᠢ ᠬᠤᠷᠢᠶᠠᠨ᠎ᠠ᠃ | ︵2︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠠᠭᠤᠯᠭ᠎ᠠ᠄ ᠪᠠᠶᠢᠭᠤᠯᠬᠤ ᠪᠠᠷ ᠪᠠᠶᠢᠭ᠎ᠠ ᠲᠥᠷᠥᠯ | ᠵᠦᠢᠯ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠭᠤᠤᠯ ᠠᠶᠤᠯ ᠲᠦᠭᠰᠢᠭᠦᠷᠢ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠶᠡᠭᠡ ᠲᠠᠯ᠎ᠠ ᠳᠤ ᠦᠵᠡᠭᠦᠯᠬᠦ ᠨᠥᠯᠥᠭᠡ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ | ᠦᠵᠡᠭᠦᠯᠬᠦ ᠦᠢᠯᠡᠳᠦᠯ᠂ ᠣᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ᠂ ᠶᠠᠮᠠᠷ ᠬᠦᠰᠡᠯ | ᠱᠠᠭᠠᠷᠳᠠᠯᠭ᠎ᠠ ᠲᠠᠢ᠂ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠮᠠᠷ ᠣᠪᠣᠷ ᠲᠠᠢ ᠪᠠᠶᠢᠬᠤ ᠵᠡᠷᠭᠡ | ᠪᠣᠯᠤᠨ᠎ᠠ᠃ | ︵3︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ᠄ ᠢᠯᠡ ᠨᠡᠶᠢᠲᠡᠯᠡᠬᠦ ᠬᠤᠭᠤᠴᠠᠭᠠᠨ ᠳᠤ᠂ | ᠲᠣᠰ ᠲᠥᠷᠥᠯ ᠵᠦᠢᠯ ᠤᠨ ᠡᠭᠦᠰᠴᠦ ᠮᠡᠳᠡᠬᠦ ᠨᠥᠯᠥᠭᠡ ᠪᠠᠨ ᠤᠲᠠᠰᠤ᠂ ᠡᠯᠧᠺ᠊ᠲᠷᠣᠨ ᠰᠢᠤᠳᠠᠨ ᠤ ᠵᠦᠢᠯ᠂ | ᠵᠠᠬᠢᠳᠠᠯ ᠴᠢᠮᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠨᠢᠭᠡᠴᠡ ᠪᠠ ᠦᠨᠡᠯᠡᠨ ᠵᠢᠱᠢᠬᠦ ᠨᠢᠭᠡᠴᠡ ᠳᠤ ᠲᠤᠰᠬᠠᠵᠤ᠂ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ ᠠᠵᠢᠯ ᠤᠨ ᠰᠠᠨᠠᠯ ᠪᠠ ᠰᠠᠨᠠᠭᠤᠯᠭ᠎ᠠ ᠪᠠᠨ ᠢᠯᠡᠳᠬᠡᠵᠦ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ | ᠦᠨᠡᠯᠡᠨ ᠵᠢᠱᠢᠭᠰᠡᠨ ᠨᠠᠩ ᠲᠡᠭᠦᠯᠳᠡᠷᠵᠢᠭᠰᠡᠨ ᠮᠡᠳᠡᠭᠦᠯᠦᠯᠲᠡ ᠳᠤ ᠲᠥᠬᠦᠮ ᠦᠵᠡᠭᠦᠯᠵᠦ ᠪᠣᠯᠤᠨ᠎ᠠ᠃ | ᠳᠥᠷᠪᠡ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠮᠠᠶ᠋ᠢᠭ | ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ᠂ ᠶᠠᠮᠠᠷᠪᠠ | ᠨᠢᠭᠡᠴᠡ ᠪᠠ ᠬᠤᠪᠢ ᠬᠥᠮᠦᠨ ᠬᠡᠷᠪᠡ ᠰᠠᠨᠠᠯ ᠪᠤᠶᠤ ᠰᠠᠨᠠᠭᠤᠯᠭ᠎ᠠ ᠲᠠᠢ ᠪᠣᠯ ᠥᠪᠥᠷ ᠮᠣᠩᠭᠤᠯ ᠤᠨ ᠴᠠᠬᠢᠯᠭᠠᠨ | ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ | ᠬᠤᠪᠢᠶᠠᠷᠢ ᠺᠣᠮᠫᠠᠨᠢ ᠳᠤ ᠰᠢᠭᠤᠳ ᠬᠠᠷᠢᠭᠤ ᠲᠤᠰᠬᠠᠵᠤ ᠪᠣᠯᠤᠨ᠎ᠠ᠃ | ᠵᠠᠷᠯᠠᠨ ᠨᠡᠶᠢᠲᠡᠯᠡᠬᠦ ᠴᠠᠭ᠄ 2024 ᠣᠨ ᠤ 8 ᠰᠠᠷ᠎ᠠ ᠶᠢᠨ 22 ᠤᠨ ᠡᠳᠦᠷ ᠠᠴᠠ 2024 ᠣᠨ ᠤ 8 | ᠰᠠᠷ᠎ᠠ ᠶᠢᠨ 31 ᠤ ᠡᠳᠦᠷ ᠪᠣᠯᠲᠠᠯ᠎ᠠ | ᠬᠠᠷᠢᠯᠴᠠᠬᠤ ᠬᠥᠮᠦᠨ᠄ ᠦ᠋ ᠵᠢᠶᠦ᠋ᠨ ᠵᠢᠶᠧ ᠬᠠᠷᠢᠯᠴᠠᠬᠤ ᠤᠲᠠᠰᠤ᠄ 15754711572 | ᠬᠠᠶ᠋ᠢᠭ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠥᠪᠥᠷ ᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ ᠤᠨ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | 2024 ᠣᠨ ᠤ 8 ᠰᠠᠷ᠎ᠠ ᠶᠢᠨ 22 ᠤᠨ ᠡᠳᠦᠷ | | ᠢᠷᠡᠯᠲᠡ᠄ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠵᠣᠬᠢᠶᠠᠭᠴᠢ᠄ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠣᠷᠴᠢᠭᠤᠯᠤᠭᠴᠢ᠄ ᠭᠠᠩᠭ᠎ᠠ | | |