︽ᠬᠤᠸᠠᠳᠧ ᠰᠢᠶᠠᠨ ᠤ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠬᠠᠭᠤᠳᠠᠰᠤ︾ ︽ᠬᠤᠸᠠᠳᠧ ᠰᠢᠶᠠᠨ ᠤ ᠰᠢᠶᠠᠩ ᠪᠠᠯᠭᠠᠰᠤᠨ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠨᠠᠷᠢᠨ ᠬᠠᠭᠤᠳᠠᠰᠤ︾ ︽ᠬᠤᠸᠠᠳᠧ ᠰᠢᠶᠠᠨ ᠤ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠬᠤᠷᠢᠶᠠᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/8/27

    ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶᠠᠨ ᠤ

ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠪᠣᠯᠤᠨ ᠠᠷᠠᠳ ᠤᠨ ᠪᠦᠯᠬᠦᠮ ᠤᠨ ᠨᠠᠮ ᠤᠨ

ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ᠂ ᠶᠡᠷᠦᠩᠬᠡᠶ ᠡᠭᠦᠷ᠂ ᠡᠭᠦᠷ︶᠂ ᠨᠠᠮ ᠤᠨ ᠠᠵᠢᠯ ᠤᠨ

ᠬᠤᠷᠢᠶ᠎ᠠ ᠳᠤ᠄

    ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠶ ᠳᠡᠭᠡᠳᠦ ᠱᠠᠲᠤᠨ ᠤ

ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ

ᠠᠯᠬᠤᠮ ᠰᠢᠯᠢᠳᠡᠭᠵᠢᠭᠦᠯᠵᠦ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂

ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ︽ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠡᠭᠦᠷᠭᠡ

ᠬᠠᠷᠢᠭᠤᠴᠠᠯᠭ᠎ᠠ ᠶᠢᠨ ᠵᠦᠢᠯᠡᠰ ᠤᠨ ᠵᠢᠯᠣᠭᠤᠳᠬᠤ ᠭᠠᠷᠴᠠᠭ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠠᠴᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ

ᠬᠡᠷᠡᠭᠵᠢᠭᠦᠯᠬᠦ ᠡᠷᠬᠡ ᠶᠢᠨ ᠵᠢᠯᠣᠭᠤᠳᠬᠤ ᠭᠠᠷᠴᠠᠭ︾᠂ ︽ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ

ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ

ᠮᠡᠳᠡᠭᠳᠡᠯ︾ ᠢ ᠦᠨᠳᠦᠰᠦᠯᠡᠨ᠂ ︽ᠬᠤᠸᠠᠳᠧ ᠰᠢᠶᠠᠨ ᠤ ᠰᠢᠶᠠᠩ ᠪᠠᠯᠭᠠᠰᠤᠨ ᠳᠤ ᠡᠭᠦᠷᠭᠡ ᠬᠠᠷᠢᠭᠤᠴᠠᠯᠭ᠎ᠠ ᠶᠢᠨ

ᠨᠠᠷᠢᠨ ᠬᠠᠭᠤᠳᠠᠰᠤ︾ ︽ᠬᠤᠸᠠᠳᠧ ᠰᠢᠶᠠᠨ ᠠᠴᠠ ᠰᠢᠶᠠᠩ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ

ᠬᠡᠷᠡᠭᠵᠢᠭᠦᠯᠬᠦ ᠡᠷᠬᠡ ᠶᠢᠨ ᠨᠠᠷᠢᠨ ᠬᠠᠭᠤᠳᠠᠰᠤ︾ ︽ᠬᠤᠸᠠᠳᠧ ᠰᠢᠶᠠᠨ ᠤ ᠰᠢᠶᠠᠩ ᠪᠠᠯᠭᠠᠰᠤᠨ ᠤ ᠡᠭᠦᠷᠭᠡ

ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠠᠷᠪᠠᠨ

ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠬᠤᠷᠢᠶᠠᠨ ᠤ

ᠪᠠᠶᠢᠩᠭᠤ ᠶᠢᠨ ᠬᠤᠷᠢᠶ᠎ᠠ 2024 ᠣᠨ ᠤ 21 ᠳ᠋ᠤᠭᠡᠷ ᠤᠳᠠᠭ᠎ᠠ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂

ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ  

ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃

    ᠳᠠᠭᠠᠯᠳᠤᠭᠤᠯᠤᠯ᠄

    1. ᠬᠤᠸᠠᠳᠧ ᠰᠢᠶᠠᠨ ᠤ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠳᠠᠩᠰᠠ

xxlsx

    2. ᠬᠤᠸᠠᠳᠧ ᠰᠢᠶᠠᠨ ᠠᠴᠠ ᠰᠢᠶᠠᠩ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ

ᠨᠠᠷᠢᠨ ᠬᠠᠭᠤᠳᠠᠰᠤ ᠣᠯᠭᠤᠨ᠎ᠠ

    3᠂ ᠬᠤᠸᠠᠳᠧ ᠰᠢᠶᠠᠨ ᠤ ᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠶᠢᠨ ᠵᠥᠪᠰᠢᠶᠡᠷᠡᠯ ᠤᠨ

ᠬᠠᠮᠢᠶᠠᠷᠤᠯᠲᠠ ᠶᠢᠨ ᠠᠷᠭ᠎ᠠ

    ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠬᠤᠷᠢᠶᠠᠨ ᠤ ᠠᠯᠪᠠᠨ ᠭᠡᠷ

    ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ

2024 ᠣᠨ ᠤ 6 ᠰᠠᠷ᠎ᠠ ᠶᠢᠨ 28 ᠤ ᠡᠳᠦᠷ

ᠢᠷᠡᠯᠲᠡ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠬᠤᠷᠢᠶᠠᠨ ᠤ ᠠᠯᠪᠠᠨ ᠬᠡᠷ

ᠵᠣᠬᠢᠶᠠᠭᠴᠢ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠬᠤᠷᠢᠶᠠᠨ ᠤ ᠠᠯᠪᠠᠨ ᠬᠡᠷ

ᠣᠷᠴᠢᠭᠤᠯᠤᠭᠴᠢ᠄ ᠭᠠᠩᠭ᠎ᠠ     

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2