ᠬᠠᠮᠤᠭ ᠤᠨ ᠰᠢᠨ᠎ᠡ ᠮᠡᠳᠡᠭᠡ︕ ᠦᠷᠭᠦᠯᠵᠢ ᠬᠠᠷᠠᠭᠳᠠᠳᠠᠭ ᠡᠶᠢᠮᠦ ᠡᠮ ᠢ ᠤᠤᠭᠤᠬᠰᠠᠨ ᠤ ᠬᠤᠶᠢᠨ᠎ᠠ ᠲᠡᠷᠭᠡ ᠵᠢᠯᠣᠭᠤᠳᠴᠤ ᠪᠣᠯᠬᠤ ᠦᠭᠡᠢ︕
ᠨᠡᠶᠢᠲᠡᠯᠡᠭᠰᠡᠨ ᠴᠠᠭ᠄
2024/8/29

    ᠣᠶᠢᠷ᠎ᠠ ᠳᠤ᠂ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠤᠷ ᠤᠨ ᠪᠤᠰᠤ

ᠬᠤᠯᠢᠮᠠᠭ ᠨᠠᠶᠢᠷᠠᠯᠭ᠎ᠠ ᠲᠠᠢ ᠲᠠᠭᠰᠢᠭᠤᠷ ᠤᠨ ᠡᠮ ᠬᠢᠭᠡᠳ ᠵᠣᠷ ᠤᠨ ᠡᠮ ᠤᠨ ᠲᠣᠳᠣᠷᠬᠠᠶᠢᠯᠠᠯᠲᠠ ᠳᠤ ᠵᠠᠰᠠᠪᠤᠷᠢ

ᠣᠷᠣᠭᠤᠯᠬᠤ ᠲᠤᠬᠠᠢ ᠱᠠᠭᠠᠷᠳᠠᠯᠭ᠎ᠠ ᠶᠢ ᠨᠡᠶᠢᠳᠡᠯᠡᠵᠦ᠂ ᠬᠤᠯᠢᠮᠠᠭ ᠨᠠᠶᠢᠷᠠᠯᠭ᠎ᠠ ᠲᠠᠢ ᠲᠠᠭᠰᠢᠭᠤᠷ ᠤᠨ ᠡᠮ ᠤᠨ

ᠰᠡᠷᠡᠮᠵᠢᠯᠡᠬᠦᠯᠬᠦ ᠦᠭᠡ᠂ ᠴᠡᠭᠡᠷ᠂ ᠮᠠᠭᠤ ᠲᠤᠰᠬᠠᠯ᠂ ᠠᠩᠬᠠᠷᠬᠤ ᠵᠦᠢᠯᠡᠰ ᠲᠤ ᠨᠢᠭᠡᠳᠦᠯᠲᠡᠶ ᠵᠠᠰᠠᠪᠤᠷᠢ

ᠣᠷᠣᠭᠤᠯᠤᠨ᠎ᠡ ᠬᠡᠰᠡᠨ ᠪᠦᠭᠡᠳ ᠵᠠᠰᠠᠪᠤᠷᠢ ᠣᠷᠣᠭᠤᠯᠬᠤ ᠱᠠᠭᠠᠷᠳᠠᠯᠭ᠎ᠠ ᠳᠠᠭᠠᠨ ︽ᠰᠡᠷᠡᠮᠵᠢᠯᠡᠭᠦᠯᠬᠦ ᠦᠭᠡ︾ ᠳᠤ

ᠠᠷᠢᠬᠢ ᠤᠤᠭᠤᠬᠤ ᠪᠠ ᠲᠡᠷᠭᠡ ᠵᠢᠯᠣᠭᠤᠳᠴᠤ ᠪᠣᠯᠬᠤ ᠥᠬᠡᠶ ᠭᠡᠵᠦ ᠱᠠᠭᠠᠷᠳᠠᠵᠠᠢ᠃ ᠵᠣᠷ ᠤᠨ ᠡᠮ ᠪᠠ ᠵᠣᠷ ᠤᠨ

ᠪᠤᠰᠤ ᠡᠮ ᠳᠤ ᠵᠠᠰᠠᠪᠤᠷᠢ ᠣᠷᠣᠭᠤᠯᠬᠤ ᠱᠠᠭᠠᠷᠳᠠᠯᠭ᠎ᠠ ᠶᠢᠨ ᠳᠣᠲᠣᠷ᠎ᠠ᠂ ︽ᠰᠡᠷᠡᠮᠵᠢᠯᠡᠭᠦᠯᠬᠦ ᠦᠭᠡ︾ ᠳᠤ ᠴᠥᠮ

ᠳᠤᠤᠷᠠᠬᠢ ᠠᠭᠤᠯᠭ᠎ᠠ᠄ ᠬᠤᠯᠢᠮᠠᠭ ᠨᠠᠶᠢᠷᠠᠯᠭ᠎ᠠ ᠲᠠᠢ ᠲᠠᠭᠰᠢᠭᠤᠷ ᠤᠨ ᠡᠮ ᠳᠤ ᠠᠼᠤᠲ᠋ᠢᠯ ᠠᠮᠢᠨᠣ᠋ ᠹᠧᠨᠤᠯ᠂ ᠮᠠᠯᠠᠶ

ᠬᠦᠴᠢᠯ ᠤᠨ ᠾᠯᠣᠷᠲᠤ ᠹᠧᠨᠠᠮᠢᠨ᠂ ᠺᠤᠹᠧᠶᠢᠨ ᠠᠭᠤᠯᠵᠦ ᠪᠤᠢ᠃ ᠲᠣᠰ ᠡᠮ ᠢ ᠤᠤᠭᠤᠵᠤ ᠪᠠᠶᠢᠭ᠎ᠠ

ᠬᠤᠭᠤᠴᠠᠭᠠᠨ ᠳᠤ ᠠᠷᠢᠬᠢ ᠪᠤᠶᠤ ᠰᠫᠢᠷᠲ ᠠᠭᠤᠯᠤᠭᠰᠠᠨ ᠤᠮᠳᠠᠭᠠᠨ ᠤᠤᠭᠤᠵᠤ ᠪᠣᠯᠬᠤ ᠦᠭᠡᠢ︔ ᠲᠤᠰ ᠡᠮ ᠤᠨ

ᠪᠦᠷᠢᠯᠳᠦᠬᠦᠨ ᠲᠠᠢ ᠠᠳᠠᠯᠢᠪᠲᠤᠷ ᠪᠤᠰᠤᠳ ᠲᠠᠭᠰᠢᠭᠤᠷ ᠢ ᠡᠰᠡᠷᠭᠦᠴᠡᠬᠦ ᠡᠮ ᠢ ᠬᠠᠮᠲᠤ ᠳᠤᠨᠢ ᠤᠤᠭᠤᠵᠤ ᠪᠣᠯᠬᠤ

ᠦᠭᠡᠢ︔ ᠡᠮ ᠤᠤᠭᠤᠵᠤ ᠪᠠᠶᠢᠭ᠎ᠠ ᠬᠤᠭᠤᠴᠠᠭᠠᠨ ᠳᠤ ᠨᠢᠰᠬᠡᠯ᠂ ᠲᠡᠷᠭᠡ᠂ ᠣᠩᠭᠤᠴᠠ ᠵᠢᠯᠤᠭᠤᠳᠴᠤ ᠪᠤᠯᠬᠤ

ᠦᠭᠡᠢ᠂ ᠥᠨᠳᠥᠷ ᠳᠡᠭᠡᠷ᠎ᠡ ᠠᠵᠢᠯᠯᠠᠬᠤ᠂ ᠮᠧᠬᠠᠨᠢᠭ ᠢᠶᠠᠷ ᠠᠵᠢᠯᠯᠠᠬᠤ ᠵᠢᠴᠢ ᠨᠠᠷᠢᠯᠢᠭ ᠬᠡᠮᠵᠢᠭᠦᠷᠯᠢᠭ ᠢᠶᠠᠷ ᠠᠵᠢᠯᠯᠠᠬᠤ

ᠮᠠᠰᠢᠨ ᠵᠢᠯᠣᠭᠤᠳᠴᠤ ᠪᠣᠯᠬᠤ ᠦᠭᠡᠢ ᠬᠡᠰᠡᠨ ᠠᠭᠤᠯᠭ᠎ᠠ ᠶᠢ ᠨᠡᠮᠡᠬᠦ ᠶᠢ ᠱᠠᠭᠠᠷᠳᠠᠵᠠᠶ᠃

ᠢᠷᠡᠯᠲᠡ᠄ ᠠᠷᠠᠳ ᠤᠨ ᠮᠣᠩᠭᠤᠯ ᠰᠦᠯᠵᠢᠶ᠎ᠡ

ᠪᠡᠯᠡᠳᠭᠡᠭᠰᠡᠨ ᠨᠢ᠄ ᠭᠠᠩᠭ᠎ᠠ 

 

 

 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2