ᠤᠯᠠᠨ ᠲᠦᠮᠡᠨ ᠤ ᠬᠡᠷᠡᠭ ᠡᠷᠬᠢᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠤᠸᠠᠳᠧ ᠰᠢᠶᠠᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠤᠪᠴᠢᠶ᠎ᠠ ᠶᠢ ᠬᠤᠳᠠ ᠶᠢᠨ ᠲᠣᠪᠴᠢᠶ᠎ᠠ ᠶᠢᠨ ᠨᠢᠭᠡᠳᠦᠯᠲᠡᠢ ᠠᠵᠢᠯ ᠤᠨ ᠪᠠᠶᠢᠷᠢᠯᠠᠭᠤᠯᠤᠯᠲᠠ | ᠶᠣᠰᠣᠭᠠᠷ᠂ ᠠᠵᠤ ᠠᠬᠤᠶᠢᠯᠠᠯ᠂ ᠤᠯᠠᠨ ᠲᠦᠮᠡᠨ ᠳᠤ ︽ᠴᠠᠭ ᠢ ᠤᠷᠲᠤᠳᠬᠠᠬᠤ ᠦᠢᠯᠡᠴᠢᠯᠡᠭᠡ︾ ᠬᠠᠩᠭᠠᠪᠠ᠃ | 6 ᠰᠠᠷ᠎ᠠ ᠶᠢᠨ 17 ᠤ ᠡᠳᠦᠷ ᠤᠨ ᠣᠷᠣᠢ ᠠᠵᠢᠯ ᠠᠴᠠ ᠪᠠᠨ ᠪᠠᠭᠤᠵᠤ᠂ ᠬᠤᠸᠠᠳᠧ ᠰᠢᠶᠠᠨ ᠤ ᠴᠠᠩᠱᠦ᠋ᠨ | ᠪᠠᠯᠭᠠᠰᠤᠨ ᠤ ᠪᠤᠯᠠᠭ ᠤᠨ ᠤᠰᠤ ᠲᠣᠰᠬᠤᠨ ᠤ ᠨᠢᠭᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠢᠯᠭᠠᠯᠲᠠ ᠳᠤ ᠣᠷᠣᠯᠴᠠᠬᠤ ᠭᠡᠵᠦ ᠪᠠᠶᠢᠭ᠎ᠠ ᠰᠤᠷᠤᠭᠴᠢᠳ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠪᠠᠴᠢᠮ | ᠶᠠᠭᠠᠷᠠᠯᠲᠠᠢ ᠢᠷᠡᠵᠦ ᠪᠡᠶ᠎ᠡ ᠶᠢᠨ ᠦᠨᠡᠮᠯᠡᠯ ᠢᠶᠠᠨ ᠠᠩᠬ᠎ᠠ ᠤᠳᠠᠭ᠎ᠠ ᠲᠤᠬᠠᠶᠢᠯᠠᠭᠰᠠᠨ ᠠᠵᠢᠯ ᠭᠤᠶᠤᠴᠢᠯᠠᠨ ᠠᠪᠬᠤ ᠪᠠᠷ | ᠪᠣᠯᠪᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠣᠶᠢᠷᠠᠳᠤᠭᠰᠠᠨ ᠢ ᠣᠶᠢᠯᠠᠭᠠᠵᠤ᠂ | ᠪᠡᠶ᠎ᠡ ᠶᠢᠨ ᠦᠨᠡᠮᠯᠡᠯ ᠨᠢ ᠰᠢᠯᠭᠠᠭᠤᠯᠤᠭᠴᠢ ᠶᠢᠨ ᠴᠢᠬᠤᠯᠠ ᠴᠢᠨᠠᠷ ᠢ ᠣᠶᠢᠯᠠᠭᠠᠵᠤ᠂ ᠬᠤᠸᠠᠳᠧ ᠰᠢᠶᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠠᠴᠠ ᠲᠡᠭᠦᠨ ᠳᠤ ︽ᠴᠠᠭ ᠢ ᠤᠷᠲᠤᠳᠬᠠᠬᠤ ᠦᠢᠯᠡᠴᠢᠯᠡᠭᠡ︾ | ᠬᠠᠩᠭᠠᠭᠰᠠᠨ ᠪᠣᠯᠬᠤᠷ ᠲᠣᠰ ᠰᠣᠷᠣᠭᠴᠢ ᠲᠣᠰᠬᠤᠨ ᠠᠴᠠ ᠪᠠᠴᠢᠮ ᠶᠠᠭᠠᠷᠠᠯᠲᠠᠢ ᠢᠷᠡᠭᠰᠡᠨ ᠪᠥᠭᠡᠳ ᠮᠥᠨ ᠴᠦ | ᠠᠩᠬ᠎ᠠ ᠤᠳᠠᠭ᠎ᠠ ᠪᠡᠶ᠎ᠡ ᠶᠢᠨ ᠦᠨᠡᠮᠯᠡᠯ ᠭᠤᠶᠤᠴᠢᠯᠠᠨ ᠠᠪᠴᠤ ᠪᠠᠶᠢᠭ᠎ᠠ ᠪᠣᠯᠬᠤᠷ ᠬᠡᠷᠡᠭᠰᠡᠬᠦ ᠮᠠᠲ᠋ᠧᠷᠢᠶᠠᠯ ᠢ | ᠪᠡᠯᠡᠳᠬᠡᠭᠰᠡᠨ ᠥᠬᠡᠶ᠂ ᠠᠵᠢᠯᠲᠠᠳ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠰᠢᠯᠭᠠᠭᠤᠯᠤᠭᠴᠢ ᠶᠢᠨ ᠭᠤᠶᠤᠴᠢᠯᠠᠯ ᠤᠨ | ᠮᠠᠲ᠋ᠧᠷᠢᠶᠠᠯ ᠢ ᠪᠡᠶ᠎ᠡ ᠪᠠᠷ ᠢᠶᠠᠨ ᠳᠠᠭᠠᠭᠤᠯᠤᠨ ᠪᠡᠯᠡᠳᠬᠡᠵᠦ᠂ ᠰᠢᠯᠭᠠᠭᠤᠯᠤᠭᠴᠢ ᠶᠢᠨ ᠰᠢᠯᠭᠠᠯᠲᠠ ᠠᠴᠠ ᠡᠮᠦᠨ᠎ᠡ | ᠪᠡᠶ᠎ᠡ ᠶᠢᠨ ᠦᠨᠡᠮᠯᠡᠯ ᠢ ᠤᠷᠤᠭᠰᠢᠲᠠᠶ ᠤᠯᠬᠤ ᠶᠢ ᠭᠦᠢᠴᠡᠳ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠴᠢᠷᠮᠠᠶᠢᠵᠤ᠂ ᠴᠢᠨᠠᠷ ᠰᠠᠶᠢᠲᠠᠶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠵᠤ ᠠᠬᠤᠶᠢᠯᠠᠯ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ | ᠨᠢᠭᠡ ᠺᠢᠯᠣᠮᠧ᠊ᠲᠷ︾ ᠢ ᠨᠡᠪᠲᠡᠷᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠤᠷᠳᠤᠴᠠ ᠲᠠᠢ | ᠪᠣᠯᠭᠠᠵᠤ᠂ ᠨᠠᠩ ᠬᠠᠯᠠᠭᠤᠨ ᠳᠤᠯᠠᠭᠠᠨ ᠪᠠᠶᠢᠨ᠎ᠠ︕ | | ᠢᠷᠡᠯᠲᠡ᠄ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ | ᠵᠣᠬᠢᠶᠠᠭᠴᠢ᠄ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠬᠡᠷ | ᠣᠷᠴᠢᠭᠤᠯᠤᠭᠴᠢ᠄ ᠭᠠᠩᠭ᠎ᠠ | |