ᠮᠠᠨ ᠤ ᠰᠢᠶᠠᠨ ᠤ ᠠᠮᠢ ᠠᠬᠤᠶ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠬᠠᠮᠠᠭᠠᠯᠠᠨ | ᠰᠠᠶᠢᠵᠢᠷᠠᠭᠤᠯᠵᠤ᠂ ᠣᠯᠠᠨ ᠲᠦᠮᠡᠨ ᠤ ᠠᠮᠢᠳᠤᠷᠠᠯ ᠤᠨ ᠣᠷᠴᠢᠨ ᠨᠥᠬᠦᠴᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠪᠥᠬᠦ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠴᠡᠪᠡᠷᠰᠢᠭᠦᠯᠦᠨ ᠪᠣᠶ ᠪᠣᠯᠭᠠᠵᠤ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠨᠥᠬᠦᠴᠡᠯ ᠤᠨ | ᠬᠦᠷᠢᠶᠡᠨ ᠳᠤ ᠢᠯᠡᠷᠡᠭᠰᠡᠨ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ᠂ ᠵᠠᠬ᠎ᠠ ᠳᠡᠯᠭᠡᠭᠦᠷ ᠤᠨ ᠡᠮᠬᠢ | ᠵᠢᠷᠤᠮ ᠢ ᠬᠦᠨᠳᠦ ᠨᠣᠴᠢᠲᠠᠶ ᠰᠠᠮᠠᠭᠤᠷᠠᠭᠤᠯᠬᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠨᠥᠯᠥᠭᠡᠯᠡᠬᠦ | ᠪᠠ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ ᠨᠥᠯᠥᠭᠡᠯᠡᠬᠦ ᠵᠡᠷᠭᠡ ᠲᠣᠪᠤᠶᠢᠮ᠎ᠠ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠲᠥᠯᠥᠭᠡ᠂ 2024 ᠣᠨ ᠤ 7 ᠰᠠᠷ᠎ᠠ ᠠᠴᠠ 12 ᠰᠠᠷ᠎ᠠ ᠶᠢᠨ ᠰᠡᠭᠦᠯᠴᠢ | ᠪᠣᠯᠲᠠᠯ᠎ᠠ᠂ ᠮᠠᠨ ᠤ ᠰᠢᠶᠠᠨ ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠥᠷᠭᠡᠨ ᠣᠯᠠᠨ ᠲᠦᠮᠡᠨ ᠤ ᠬᠤᠲᠠ | ᠬᠥᠳᠡᠭᠡ ᠶᠢᠨ ᠬᠤᠭ ᠨᠣᠪᠰᠢ ᠶᠢ ᠰᠢᠶ᠋ᠳᠪᠦᠷᠢᠯᠡᠬᠦ᠂ ᠪᠠᠷᠢᠯᠭ᠎ᠠ ᠶᠢᠨ ᠵᠠᠬ᠎ᠠ ᠳᠡᠯᠭᠡᠭᠦᠷ ᠪᠠ ᠬᠡᠷ ᠪᠠᠶᠢᠰᠢᠩ ᠬᠤᠲᠠ ᠶᠢᠨ | ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠶᠤᠯᠲᠠᠶ ᠬᠠᠶᠠᠭᠳᠠᠮᠠᠯ | ᠪᠣᠳᠠᠰ ᠤᠨ ᠬᠠᠮᠢᠶᠠᠷᠤᠯᠲᠠ᠂ ᠣᠷᠴᠢᠨ ᠠᠬᠤᠶ ᠶᠢᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ᠂ ᠣᠶ ᠰᠢᠭᠤᠶ ᠡᠪᠡᠰᠦ | ᠪᠡᠯᠴᠢᠭᠡᠷ ᠢ ᠡᠪᠳᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠢᠯᠡᠴᠢᠯᠡᠨ ᠮᠡᠳᠡᠭᠦᠯᠬᠦ ᠶᠢ | ᠪᠠᠶᠠᠷᠯᠠᠨ ᠤᠭᠲᠤᠨ᠎ᠠ᠃ | ᠢᠯᠡᠴᠢᠯᠡᠨ ᠮᠡᠳᠡᠭᠦᠯᠬᠦ ᠤᠲᠠᠰᠤ᠄ 13947450505 | ᠢᠯᠡᠴᠢᠯᠡᠨ ᠮᠡᠳᠡᠭᠦᠯᠬᠦ ᠰᠢᠤᠳᠠᠨ ᠬᠠᠶᠢᠷᠴᠠᠭ᠄ hdjsj001@sina.com | ᠬᠠᠶ᠋ᠢᠭ᠄ ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ | ᠤᠲᠠᠰᠤ ᠪᠠᠷ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ᠄ ᠦᠳᠡ ᠶᠢᠨ ᠡᠮᠦᠨ᠎ᠡ 9᠄ 00-12᠄ 00᠂ ᠦᠳᠡ ᠶᠢᠨ ᠬᠤᠶᠢᠨ᠎ᠠ 2᠄ 30 - 6᠄ 00 | | ᠢᠷᠡᠯᠲᠡ᠄ ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ | ᠵᠣᠬᠢᠶᠠᠭᠴᠢ᠄ ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ | ᠣᠷᠴᠢᠭᠤᠯᠤᠭᠴᠢ᠄ ᠭᠠᠩᠭ᠎ᠠ | |