7 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠠᠷᠪᠠᠨ | ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 25 ᠳ᠋ᠤᠭᠠᠷ | ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ 7 ᠰᠠᠷ᠎ᠠ ᠶᠢᠨ 25 ᠤ ᠡᠳᠦᠷ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠣᠯᠤᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠲᠣᠭᠲᠠᠭᠠᠯ︾ ︵ᠬᠡᠰᠡᠭᠯᠡᠨ ᠰᠣᠩᠭᠤᠬᠤ︶ ᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ︽ᠬᠤᠸᠠᠳᠧ ᠰᠢᠶᠠᠨ ᠤ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠤᠯᠤᠰ ᠤᠨ | ᠳᠣᠲᠣᠭᠠᠳᠤ ᠶᠢᠨ ᠠᠯᠪᠠᠨ ᠶᠠᠪᠤᠳᠠᠯ ᠢ ᠬᠦᠯᠢᠶᠡᠨ ᠠᠪᠬᠤ ᠬᠠᠮᠢᠶᠠᠷᠤᠯᠲᠠ ᠶᠢᠨ ᠠᠷᠭ᠎ᠠ︾᠂ ︽ᠬᠤᠸᠠᠳᠧ ᠰᠢᠶᠠᠨ ᠤ | ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠬᠠᠮᠢᠶᠠᠷᠤᠯᠲᠠ ᠶᠢᠨ ᠠᠷᠭ᠎ᠠ︾᠂ ︽ᠬᠤᠸᠠᠳᠧ ᠰᠢᠶᠠᠨ ᠤ ᠨᠠᠮ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ | ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾᠂ ︽ᠬᠤᠸᠠᠳᠧ ᠰᠢᠶᠠᠨ ᠤ ︿ᠵᠠᠭᠠᠯᠳᠤᠯᠭ᠎ᠠ ᠶᠢ ᠬᠦᠯᠢᠶᠡᠨ ᠠᠪᠤᠪᠠᠯ | ᠳᠠᠷᠤᠢ ᠰᠢᠢᠳᠪᠦᠷᠢᠯᠡᠬᠦ﹀ ᠲᠤᠰᠬᠠᠢ ᠠᠵᠢᠯ ᠤᠨ ᠬᠡᠷᠡᠭᠵᠢᠭᠦᠯᠬᠦ ᠲᠥᠰᠥᠯ︾᠂ ︽ᠬᠤᠸᠠᠳᠧ ᠰᠢᠶᠠᠨ ᠤ ᠬᠡᠷᠡᠭ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠶᠢ ᠰᠢᠯᠢᠳᠡᠭᠵᠢᠭᠦᠯᠦᠨ ᠲᠣᠬᠢᠷᠠᠭᠤᠯᠬᠤ ᠲᠥᠰᠥᠯ︾ ᠪᠣᠯᠣᠨ ︽ᠬᠤᠸᠠᠳᠧ ᠰᠢᠶᠠᠨ ᠤ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾ ᠶᠢ | ᠬᠢᠨᠠᠨ ᠵᠥᠪᠯᠡᠵᠡᠢ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ 7 | ᠰᠠᠷ᠎ᠠ ᠶᠢᠨ 25 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢ | ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ | ᠰᠡᠳᠬᠢᠯᠭᠡ ᠪᠠᠷ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ | ᠠᠵᠢᠯ ᠢ ᠰᠠᠶᠢᠲᠤᠷ ᠠᠳᠬᠤᠬᠤ ᠬᠡᠷᠡᠭᠲᠡᠢ᠃ ︽ᠬᠤᠶᠠᠷ ᠠᠷᠭ᠎ᠠ︾ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ | ᠰᠤᠷᠤᠯᠴᠠᠵᠤ᠂ ︽ᠳᠠᠳᠬᠠᠯ ᠢᠶᠠᠷ ᠠᠷᠪᠢᠴᠢ ᠭᠠᠮᠲᠠᠶ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠡᠷᠡᠰ | ᠬᠡᠷᠡᠭᠵᠢᠭᠦᠯᠦᠨ᠂ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠭᠥᠯᠢᠶᠡᠨ ᠠᠪᠬᠤ ᠠᠵᠢᠯᠯᠠᠭ᠎ᠠ ᠶᠢ ᠴᠢᠩᠭ᠎ᠠ | ᠵᠢᠷᠤᠮᠵᠢᠭᠤᠯᠤᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠱᠠᠯᠢᠨ ᠪᠦᠷᠢᠯᠭᠡᠬᠦ ᠶᠢ | ᠡᠰᠡᠷᠭᠦᠴᠡᠨ ᠭᠥᠯᠢᠶᠡᠨ ᠠᠪᠬᠤ ᠠᠵᠢᠯ ᠤᠨ ᠨᠠᠩ ᠵᠢᠷᠤᠮᠵᠢᠭᠤᠨ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ︽ᠶᠠᠭᠤ ᠶᠢ ᠬᠢᠨᠠᠨ ᠵᠢᠯᠣᠭᠤᠳᠬᠤ︾ ᠳᠤ ᠤᠯᠠᠮ ᠨᠢᠭᠡ ᠠᠯᠬᠤᠮ | ᠠᠩᠬᠠᠷᠤᠯ ᠢᠶᠠᠨ ᠲᠥᠪᠯᠡᠷᠡᠭᠦᠯᠵᠦ᠂ ︽ᠶᠠᠭᠠᠬᠢᠵᠤ ᠰᠢᠪᠠᠳᠠᠬᠤ︾ ᠶᠢ ᠪᠣᠳᠣᠯᠬᠢᠯᠠᠨ᠂ ︽ᠱᠠᠯᠠᠪᠳᠠᠭᠤᠯᠪᠠᠰᠤ ᠵᠠᠪᠠᠯ | ᠪᠦᠲᠦᠮᠵᠢᠲᠡᠢ︾ ᠪᠠᠶᠢᠬᠤ ᠶᠢ ᠴᠢᠩᠭᠠᠳᠬᠠᠵᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠂ ᠤᠯᠤᠰ ᠲᠥᠷᠥ ᠶᠢᠨ ᠬᠢᠨᠠᠯᠲᠠ ᠲᠠᠯᠪᠢᠬᠤ ᠪᠠ ᠲᠤᠰᠬᠠᠶ ᠰᠢᠮᠳᠠᠭᠤᠯᠤᠨ ᠪᠠᠶᠢᠴᠠᠭᠠᠬᠤ ᠶᠢ | ᠴᠢᠩᠭᠠᠳᠬᠠᠵᠤ᠂ ᠣᠯᠠᠨ ᠡᠰᠢᠲᠦ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠬᠤ ᠠᠷᠭ᠎ᠠ ᠬᠡᠯᠪᠡᠷᠢ ᠶᠢ ᠲᠠᠰᠤᠷᠠᠯᠲᠠ | ᠥᠬᠡᠶ ᠬᠠᠶᠢᠨ ᠰᠦᠪᠡᠭᠴᠢᠯᠡᠵᠦ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠴᠢᠬᠤᠯᠠᠴᠢᠯᠠᠨ᠂ | ᠰᠠᠯᠠᠭ᠎ᠠ ᠮᠥᠴᠢᠷ ᠤᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ | ᠡᠨᠡ ᠬᠦ ᠨᠠᠶᠢᠳᠠᠪᠤᠷᠢᠵᠢᠭᠤᠯᠤᠯᠲᠠ ᠶᠢ ᠠᠳᠬᠤᠬᠤ ︽ᠬᠤᠷᠴᠠ ᠰᠡᠯᠡᠮ᠎ᠡ︾ ᠶᠢ ᠰᠠᠶᠢᠲᠤᠷ ᠬᠡᠷᠡᠭᠯᠡᠵᠦ᠂ ᠰᠢᠮᠳᠠᠭᠤᠯᠤᠨ | ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠦ᠋ᠢᠬᠠᠨ ᠰᠢᠢᠳᠪᠦᠷᠢᠯᠡᠬᠦ︾ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠯᠪᠣᠭᠳᠠᠯ ᠪᠦᠬᠦᠢ ᠲᠥᠰᠦᠯ ᠢ | ᠲᠦᠷᠭᠡᠳᠬᠡᠨ ᠲᠡᠭᠦᠯᠳᠡᠷᠵᠢᠭᠦᠯᠵᠦ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ᠂ ᠠᠷᠠᠳ ᠲᠦᠮᠡᠨ ᠳᠤ ᠦᠢᠯᠡᠴᠢᠯᠡᠬᠦ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠶᠠᠪᠤᠴᠠ ᠶᠢᠨ ᠠᠵᠢᠯ ᠤᠨ ᠪᠢᠲᠡᠭᠦᠦ ᠴᠠᠭᠠᠷᠢᠭ ᠢ | ᠪᠦᠷᠢᠯᠳᠦᠭᠦᠯᠵᠦ᠂ ᠬᠦᠴᠢᠷ ᠲᠦᠪᠡᠭᠲᠡᠢ ᠪᠤᠳᠤᠯᠢᠶᠠᠨᠲᠠᠢ ᠠᠰᠠᠭᠤᠳᠠᠯ ᠪᠣᠯᠣᠨ ᠥᠨᠳᠥᠷ ᠳᠠᠪᠲᠠᠮᠵᠢ ᠪᠠᠷ ᠤᠯᠠᠨ | ᠲᠦᠮᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠤᠯᠠᠨ | ᠲᠦᠮᠡᠨ ᠳᠤ ᠦᠢᠯᠡᠴᠢᠯᠡᠵᠦ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠠᠵᠢᠯ ᠤᠨ ᠪᠣᠳᠠᠲᠤ | ᠦᠷ᠎ᠡ ᠪᠦᠲᠦᠮᠵᠢ ᠣᠯᠬᠤ ᠶᠢ ᠬᠠᠮᠲᠤᠪᠠᠷ ᠠᠬᠢᠭᠤᠯᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | | |