ᠬᠤᠸᠠᠳᠧ ᠰᠢᠶᠠᠨ ᠤ ᠤᠯᠤᠰ ᠲᠥᠷᠥ ᠶᠢᠨ ᠵᠥᠪᠯᠡᠯᠭᠡᠨ ︽ᠴᠡᠷᠢᠭ ᠠᠩᠭᠢ ᠪᠠ ᠣᠷᠣᠨ ᠨᠤᠲᠤᠭ ᠬᠤᠯᠪᠣᠭᠠᠯᠠᠨ᠂ ᠰᠣᠶᠣᠯ ᠢ ᠬᠠᠮᠲᠤ ᠪᠠᠷ ᠪᠠᠶᠢᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/5

    ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠣᠢ ᠶᠢ

ᠪᠡᠯᠭᠡᠯᠡᠬᠦ ᠶᠢᠨ ᠲᠥᠯᠥᠭᠡ᠃ 7 ᠰᠠᠷ᠎ᠠ ᠶᠢᠨ 29 ᠤ ᠡᠳᠦᠷ᠂ ᠬᠤᠸᠠᠳᠧ ᠰᠢᠶᠠᠨ ᠤ ᠤᠯᠤᠰ ᠲᠦᠷᠦ ᠶᠢᠨ ᠵᠥᠪᠯᠡᠯᠭᠡᠨ

ᠭᠡᠰᠢᠭᠦᠳ ᠢ ᠵᠣᠬᠢᠶᠠᠨ ᠪᠠᠶᠢᠭᠤᠯᠤᠨ ᠰᠠᠭᠤᠭ᠎ᠠ ᠭᠠᠵᠠᠷ ᠤᠨ ᠴᠡᠷᠢᠭ ᠠᠩᠭᠢ ᠳᠤ ᠣᠴᠢᠭᠤᠯᠵᠤ᠂ ︽ᠰᠠᠭᠤᠭ᠎ᠠ

ᠭᠠᠵᠠᠷ ᠤᠨ ᠰᠣᠶᠣᠯ ᠢ ᠴᠡᠷᠢᠭ ᠤᠨ ᠬᠤᠸᠠᠷᠠᠨ ᠳᠤ ᠣᠷᠣᠭᠤᠯᠬᠤ᠂ ᠡᠪ ᠬᠠᠮᠲᠤ ᠱᠠᠰᠢᠨ ᠬᠠᠮᠲᠤ ᠪᠠᠷ ᠪᠤᠶᠢᠵᠢᠭᠤᠯᠬᠤ

ᠰᠢᠨ᠎ᠡ ᠬᠠᠭᠤᠳᠠᠰᠤ ᠶᠢ ᠪᠢᠴᠢᠭᠯᠡᠬᠦ︾ ᠰᠣᠶᠣᠯ ᠢ ᠬᠠᠮᠲᠤ ᠪᠠᠷ ᠪᠠᠶᠢᠭᠤᠯᠬᠤ ᠠᠵᠢᠯᠯᠠᠭ᠎ᠠ ᠥᠷᠨᠢᠭᠦᠯᠪᠡ᠃

1722565784494074116.jpg

    ᠠᠵᠢᠯᠯᠠᠭ᠎ᠠ ᠶᠢᠨ ᠠᠬᠤᠢ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠭᠡᠰᠢᠭᠦᠳ ᠪᠠᠶᠠᠯᠢᠭ ᠰᠠᠶᠢᠬᠠᠨ ᠤᠷᠠᠨ

ᠰᠠᠶᠢᠬᠠᠨ ᠤ ᠲᠣᠭᠯᠠᠯᠲᠠ ᠭᠠᠷᠭᠠᠵᠤ᠂ ︽ᠴᠡᠷᠢᠭ ᠤᠨ ᠬᠠᠶᠢᠷ᠎ᠠ ᠰᠡᠳᠬᠢᠯᠭᠡ︾᠂ ᠴᠠᠭᠠᠰᠤᠨ ᠬᠠᠶᠢᠴᠢᠯᠠᠮᠠᠯ ᠤᠨ

ᠦᠵᠡᠭᠦᠯᠦᠯᠭᠡ ︽ᠬᠥᠬᠡ ᠴᠡᠴᠡᠭᠲᠦ ᠱᠠᠭᠠᠵᠠᠩ︾ ᠨᠢ ᠡᠬᠡ ᠤᠯᠤᠰ ᠪᠣᠯᠤᠨ ᠠᠷᠠᠳ ᠤᠨ ᠬᠡᠤᠬᠡᠳ ᠳᠡᠭᠦᠦ ᠨᠡᠷ ᠢ

ᠨᠢᠳᠤᠷᠭᠠᠨ ᠡᠷᠳᠡᠮ ᠢᠶᠠᠷ ᠪᠠᠷᠢᠭᠰᠠᠨ ᠰᠡᠳᠬᠢᠯᠭᠡ ᠪᠠᠨ ᠢᠯᠡᠳᠬᠡᠪᠡ︔ ᠳᠠᠭᠤᠤ ︽ᠵᠡᠭᠦᠨ ᠪᠠᠷᠠᠭᠤᠨ ᠡᠮᠦᠨᠡᠲᠦ

ᠤᠮᠠᠷᠠᠲᠤ ᠶᠢᠨ ᠴᠡᠷᠢᠭ︾᠂ ︽ᠴᠡᠷᠢᠭ ᠤᠨ ᠰᠥᠨᠢ ᠶᠢᠨ ᠦᠳᠡᠰᠢ︾᠂ ︽ᠡᠬᠡᠨᠡᠷ︾᠂ ᠰᠠᠺᠰ ᠤᠨ ᠭᠤᠴᠣᠯᠠᠯ ᠬᠥᠭᠵᠢᠮ

︽ᠴᠡᠷᠢᠭ ᠤᠨ ᠳᠠᠭᠤᠤ ᠶᠢᠨ ᠨᠠᠶᠢᠷᠠᠯ ᠬᠥᠭᠵᠢᠮ︾ ᠵᠡᠷᠭᠡ ᠲᠣᠭᠯᠠᠯᠲᠠ ᠨᠢ ᠴᠡᠷᠢᠭ ᠢ ᠮᠠᠭᠲᠠᠨ ᠳᠠᠭᠤᠯᠠᠭᠰᠠᠨ ᠪᠠᠶᠢᠨ᠎ᠠ᠃

ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠴᠦ ᠵᠡᠪᠰᠡᠭ ᠤᠨ ᠡᠷᠳᠡᠮ᠂ ᠠᠪᠤᠴᠠᠯᠳᠤᠭ᠎ᠠ᠂ ᠪᠥᠵᠢᠭ ᠵᠡᠷᠭᠡ

ᠲᠣᠭᠯᠠᠯᠲᠠ ᠪᠠᠨ ᠨᠠᠷᠢᠨ ᠨᠢᠮᠪᠠᠶ ᠪᠡᠯᠡᠳᠬᠡᠵᠦ᠂ ᠠᠷᠠᠳ ᠲᠦᠮᠡᠨ ᠤ ᠬᠡᠤᠬᠡᠳ ᠳᠡᠭᠦᠤ ᠨᠡᠷ ᠤᠨ ᠴᠡᠷᠢᠭ ᠤᠨ ᠴᠤᠭ

ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃

图片1.png

    ᠠᠵᠢᠯᠯᠠᠭ᠎ᠠ ᠶᠢᠨ ᠬᠤᠭᠤᠴᠠᠭᠠᠨ ᠳᠤ᠂ ᠭᠡᠰᠢᠭᠦᠳ ᠳᠠᠷᠤᠭ᠎ᠠ ᠪᠠᠶᠢᠯᠳᠤᠭᠴᠢᠳ ᠲᠤ ᠨᠣᠮ ᠪᠢᠴᠢᠭ᠂ ᠤᠷᠠᠨ

ᠪᠢᠴᠢᠯᠭᠡ ᠤᠷᠠᠨ ᠵᠢᠷᠤᠭ ᠤᠨ ᠴᠠᠭᠠᠰᠤᠨ ᠬᠠᠶᠢᠴᠢᠯᠠᠮᠠᠯ ᠤᠨ ᠪᠦᠲᠦᠭᠡᠯ᠂ ᠭᠠᠨ ᡁᠢ ᠮᠧᠢ ᠬᠤᠸᠠᠷ ᠬᠠᠳᠬᠤᠬᠤ ᠪᠠ

ᠴᠠᠭᠠᠰᠤᠨ ᠬᠠᠶᠢᠴᠢᠯᠠᠮᠠᠯ ᠪᠢᠴᠢᠭ ᠤᠨ ᠱᠣᠰᠢᠭ᠎ᠠ ᠵᠡᠷᠭᠡ ᠵᠢᠵᠢᠭ ᠪᠦᠲᠦᠭᠡᠯ ᠢ ᠬᠦᠷᠭᠡᠪᠡ᠃ ᠤᠷᠠᠨ ᠪᠢᠴᠢᠯᠭᠡ ᠤᠷᠠᠨ

ᠵᠢᠷᠤᠭ ᠤᠨ ᠳᠤᠷ᠎ᠠ ᠪᠠᠭ᠋ᠠᠲᠠᠳ ᠲᠤᠬᠠᠶ ᠶᠢᠨ ᠲᠠᠯᠠᠪᠠᠢ ᠳᠤ ︽ᠴᠡᠷᠢᠭ ᠠᠷᠠᠳ ᠤᠨ ᠵᠢᠷᠤᠮ ᠬᠦᠨᠳᠦ ᠵᠢᠭᠠᠰᠤ ᠤᠰᠤᠨ ᠤ

ᠬᠠᠶᠢᠷ᠎ᠠ ᠰᠡᠳᠬᠢᠯᠭᠡ ᠭᠦᠨᠵᠡᠭᠡᠶ︾᠂ ︽ᠴᠡᠷᠢᠭ ᠤᠨ ᠰᠦᠭ ᠰᠦᠨᠡᠰᠦ︾ ᠵᠡᠷᠭᠡ ᠰᠣᠳᠣᠨ ᠪᠦᠲᠦᠭᠡᠯ ᠢ ᠵᠣᠬᠢᠶᠠᠨ

ᠪᠦᠲᠦᠭᠡᠵᠦ ᠴᠡᠷᠢᠭ ᠠᠩᠭᠢ ᠳᠤ ᠪᠡᠯᠡᠭᠯᠡᠪᠡ᠃

图片2.png

    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠷᠣᠨ ᠨᠤᠲᠤᠭ ᠪᠣᠯᠤᠨ ᠴᠡᠷᠢᠭ ᠠᠩᠭᠢ ᠶᠢᠨ ᠳᠠᠷᠤᠭ᠎ᠠ

ᠪᠠᠶᠢᠯᠳᠤᠭᠴᠢᠳ ᠤᠨ ᠬᠤᠭᠤᠷᠣᠨᠳᠣᠬᠢ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠡᠷᠢᠭ ᠠᠷᠠᠳ ᠤᠨ

ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠬᠠᠮᠲᠤ ᠪᠠᠷ ᠦᠭᠦᠯᠡᠪᠡ᠃ ᠴᠡᠷᠢᠭ ᠠᠩᠭᠢ ᠶᠢᠨ

ᠳᠠᠷᠤᠭ᠎ᠠ ᠪᠠᠶᠢᠯᠳᠤᠭᠴᠢᠳ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠠᠯᠠᠮᠵᠢᠯᠠᠯ ᠪᠠ ᠾᠧᠪᠸᠢ ᠶᠢ

ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ

ᠴᠡᠭᠡᠵᠢᠯᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠪᠠᠷ ᠰᠢᠶᠠᠨ ᠤ ᠬᠡᠪᠴᠢᠶᠡᠨ ᠤ ᠠᠵᠤ ᠠᠬᠤᠶ

ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠠ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠶᠢ

ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃

    ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠴᠢᠩ ᠾᠧ᠂ ᠯᠢ ᠵᠢᠶᠧ᠂ ᠡᠯ᠎ᠡ ᠲᠤᠰᠬᠠᠶ

ᠵᠥᠪᠯᠡᠯ ᠤᠨ ᠡᠷᠬᠢᠯᠡᠭᠴᠢ ᠠᠵᠢᠯᠯᠠᠭ᠎ᠠ ᠳᠤ ᠣᠷᠣᠯᠴᠠᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ   

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2