ᠬᠤᠸᠠᠳᠧ ᠰᠢᠶᠠᠨ ᠤ ᠸᠠᠨᠠᠳᠢ ᠲᠢᠲ᠋ᠠᠨ ᠤ ᠰᠠᠭᠤᠷᠢ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠥᠪᠳᠡᠯᠴᠡᠬᠡᠷ ᠤᠨ ᠬᠤᠷᠠᠯ ᠱᠧᠨᠵᠧᠨ ᠬᠤᠲᠠ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/8/5

     7 ᠰᠠᠷ᠎ᠠ ᠶᠢᠨ 31 ᠤ ᠡᠳᠦᠷ᠂ ᠬᠤᠸᠠᠳᠧ ᠰᠢᠶᠠᠨ ᠱᠧᠨᠵᠧᠨ ᠬᠤᠳᠠ ᠳᠤ ︽ᠬᠤᠸᠠᠳᠧ ᠶᠢᠨ ᠠᠷᠠᠯᠵᠢᠶᠠᠴᠢᠨ

ᠤᠷᠢᠬᠤ᠂ ᠱᠧᠨᠵᠧᠨ ᠤ ᠴᠢ ᠬᠠᠩ︾ ᠸᠠᠨᠠᠳᠢ ᠲᠢᠲ᠋ᠠᠨ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠵᠤ

ᠪᠡᠯᠡ ᠣᠷᠣᠭᠤᠯᠬᠤ ᠵᠥᠪᠳᠡᠯᠴᠡᠬᠡᠷ ᠤᠨ ᠬᠤᠷᠠᠯ ᠢ ᠡᠷᠬᠢᠯᠡᠪᠡ᠃

1722564337846054344.jpg

    ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠪᠠᠶᠠᠷ ᠤᠨ ᠦᠭᠡ ᠬᠡᠯᠡᠪᠡ᠃

ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠡᠦ

ᠴᠢᠯᠠᠭᠤ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠬᠢᠪᠡ᠃ ᠬᠤᠷᠠᠯ ᠳᠤ ᠣᠷᠣᠯᠴᠠᠭᠰᠠᠳ ︽ᠬᠤᠸᠠᠳᠧ ᠰᠢᠶᠠᠨ ᠤ

ᠬᠤᠳᠠᠯᠳᠤᠭᠠᠴᠢᠨ ᠤᠷᠢᠵᠤ ᠪᠡᠯᠡ ᠣᠷᠣᠭᠤᠯᠬᠤ︾ ᠤᠬᠠᠭᠤᠯᠭ᠎ᠠ ᠶᠢᠨ ᠹᠢᠯᠢᠮ ᠢ ᠬᠠᠮᠲᠤᠪᠠᠷ ᠰᠣᠨᠢᠷᠬᠠᠪᠠ᠃ ᠠᠵᠤ

ᠠᠬᠤᠶᠢᠯᠠᠯᠲᠠᠨ ᠤ ᠲᠥᠯᠥᠭᠡᠯᠡᠭᠴᠢ ︽ᠲᠥᠷᠥᠯ ᠵᠦᠢᠯ ᠢ ᠨᠠᠶᠢᠳᠠᠪᠤᠷᠢᠵᠢᠭᠤᠯᠬᠤ︾᠂ ︽ᠬᠤᠳᠠᠯᠳᠤᠭᠠᠴᠢᠨ ᠢᠶᠠᠷ

ᠬᠤᠳᠠᠯᠳᠤᠭᠠᠴᠢᠨ ᠤᠷᠢᠬᠤ︾ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃

    ᠴᠠᠩ ᠳ᠋ᠠ ᠸᠧᠢ ᠪᠠᠶᠠᠷ ᠤᠨ ᠦᠭᠡ ᠳᠡᠭᠡᠨ᠂ ᠬᠤᠸᠠᠳᠧ ᠶᠢᠨ ᠳᠠᠪᠠᠭᠤᠯᠢᠭ ᠣᠷᠣᠨ ᠪᠠᠶᠢᠷᠢ ᠶᠢᠨ ᠳᠠᠪᠠᠭᠤᠯᠢᠭ᠂

ᠬᠥᠮᠦᠨ ᠤ ᠰᠡᠳᠬᠢᠯ ᠳᠡᠯᠢᠭᠦᠤ ᠶᠢᠨ ᠬᠥᠮᠦᠰ ᠲᠤ ᠲᠣᠬᠢᠷᠠᠮᠵᠢᠲᠠᠢ ᠠᠭᠤᠷ ᠠᠮᠢᠰᠬᠤᠯ᠂ ᠤᠯᠠᠨ ᠠᠴᠠ ᠣᠨᠴᠠᠭᠠᠢ ᠡᠬᠢ

ᠪᠠᠶᠠᠯᠢᠭ ᠤᠨ ᠳᠠᠯᠳᠠ ᠬᠦᠴᠦᠨ ᠲᠠᠢ᠂ ᠮᠢᠩᠭᠠᠨ ᠵᠢᠯ ᠦᠷᠭᠦᠯᠵᠢᠯᠡᠭᠰᠡᠨ ᠰᠣᠶᠣᠯ ᠢᠷᠭᠡᠨᠰᠢᠯ ᠤᠨ ᠦᠪᠡᠳᠡᠭᠰᠢ

ᠪᠠᠶᠢᠳᠠᠯ ᠲᠠᠢ ᠶᠤᠮ᠃ ᠣᠶᠢᠷ᠎ᠠ ᠶᠢᠨ ᠵᠢᠯ ᠠᠴᠠ ᠨᠠᠰᠢ᠂ ᠬᠤᠸᠠᠳᠧ ︽ᠬᠤᠣᠰ ᠨᠡᠭᠦᠷᠡᠰᠦᠲᠥ᠋ᠷᠥᠭᠴᠢ︾ ︽ᠬᠤᠣᠰ

ᠡᠵᠡᠮᠳᠡᠯ︾ ᠤᠨ ᠶᠡᠭᠡ ᠲᠠᠯ᠎ᠠ ᠠᠴᠠ ᠪᠣᠳᠣᠯᠬᠢᠯᠠᠨ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ︽ᠭᠤᠷᠪᠠᠨ ᠨᠢᠭᠡ

ᠪᠦᠯᠦᠭ︾ ᠪᠠ ︽ᠲᠠᠪᠤ ᠶᠢ ᠥᠭᠡᠷᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ

ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠠᠯ᠎ᠠ ᠪᠠᠷ ᠬᠠᠰᠤᠬᠤ ᠠᠷᠭ᠎ᠠ ᠬᠢᠵᠦ᠂ ᠡᠷᠭᠢᠯᠳᠦᠭᠦᠯᠦᠨ ᠠᠰᠢᠭᠯᠠᠬᠤ

ᠲᠠᠯ᠎ᠠ ᠪᠠᠷ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠡᠪᠴᠢᠶᠡᠵᠢᠯᠲᠡ᠂ ᠳᠡᠭᠡᠳᠦ ᠲᠡᠰᠵᠢᠯᠲᠡ᠂ ᠪᠣᠬᠢᠷᠲᠤᠯ

ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠤᠶᠤᠨᠴᠢᠯᠠᠭᠰᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠸᠠᠨᠠᠳᠢ

ᠲᠢᠲ᠋ᠠᠨ ᠤ ᠰᠠᠭᠤᠷᠢ ᠮᠠᠲ᠋ᠧᠷᠢᠶᠠᠯ ᠤᠨ ᠠᠵᠤ ᠦᠢᠯᠡᠰ ᠨᠢ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠠᠯ᠎ᠠ ᠪᠣᠯᠤᠭᠰᠠᠨ ᠤ ᠬᠤᠪᠢ ᠳᠤ᠂ ᠬᠤᠸᠠᠳᠧ ᠶᠢᠨ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠰᠢᠨ᠎ᠡ ᠨᠡᠮᠡᠭᠳᠡᠯ ᠤᠨ ᠲᠦᠢᠯ ᠪᠤᠯᠵᠤ᠂ ᠠᠵᠤ ᠠᠬᠤᠶᠢᠯᠠᠯᠲᠠᠳ ᠪᠣᠯᠤᠨ ᠲᠦᠷᠪᠡᠨ

ᠳᠠᠯᠠᠢ ᠶᠢᠨ ᠵᠣᠴᠢᠳ ᠢ ᠴᠢᠩ ᠰᠡᠳᠬᠢᠯ ᠠᠴᠠ ᠪᠠᠨ ᠤᠷᠢᠵᠤ ᠬᠤᠸᠠᠳᠧ ᠳᠤ ᠲᠣᠭᠤᠷᠢᠨ ᠦᠵᠡᠵᠦ ᠰᠢᠨᠵᠢᠯᠡᠨ

ᠪᠠᠶᠢᠴᠠᠭᠠᠵᠤ᠂ ᠪᠡᠯᠡ ᠣᠷᠣᠭᠤᠯᠤᠨ ᠦᠢᠯᠡᠰ ᠪᠤᠰᠬᠠᠵᠤ᠂ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠬᠠᠮᠲᠤᠪᠠᠷ

ᠡᠳ᠋ᠯᠡᠬᠦ ᠪᠣᠯᠤᠨ᠎ᠠ᠃

    ᠠᠵᠤ ᠠᠬᠤᠶᠢᠯᠠᠯᠲᠠᠳ᠂ ᠸᠠᠨᠠᠳᠢ ᠲᠢᠲ᠋ᠠᠨ ᠤ ᠰᠠᠭᠤᠷᠢ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ

ᠠᠯᠤᠰ ᠢᠷᠡᠭᠡᠳᠦᠢ ᠥᠷᠭᠡᠨ ᠠᠭᠤᠳᠠᠮ᠂ ᠮᠠᠰᠢ ᠶᠡᠭᠡ ᠵᠠᠬ᠎ᠠ ᠳᠡᠯᠭᠡᠭᠦᠷ ᠤᠨ ᠣᠷᠣᠨ ᠵᠠᠢ ᠲᠠᠢ ᠪᠠᠶᠢᠵᠤ᠂ ᠵᠠᠬ᠎ᠠ

ᠳᠡᠯᠭᠡᠭᠦᠷ ᠤᠨ ᠣᠷᠣᠨ ᠪᠦᠰᠡ ᠶᠢ ᠴᠢᠨᠠᠭᠰᠢᠳᠠ ᠥᠷᠭᠡᠳᠬᠡᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂

ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠠᠯᠢ ᠲᠦᠷᠭᠡᠨ ᠢᠶᠠᠷ ᠬᠤᠸᠠᠳᠧ ᠳᠤ ᠬᠦᠷᠴᠦ ᠲᠤᠬᠠᠢ ᠶᠢᠨ

ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠦᠷᠦᠯ ᠵᠦᠢᠯ ᠤᠨ ᠬᠠᠮᠲᠤᠷᠠᠯᠴᠠᠭ᠎ᠠ ᠶᠢ ᠢᠳᠡᠪᠬᠢᠲᠡᠢ ᠡᠷᠢᠯᠬᠢᠯᠡᠵᠦ᠂

ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠬᠡᠯᠬᠢᠶ᠎ᠡ ᠶᠢ

ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠵᠡᠷᠭᠡ ᠲᠠᠯ᠎ᠠ ᠪᠠᠷ ᠨᠡᠩ ᠤᠯᠠᠨ ᠭᠦᠨᠵᠡᠭᠡᠢ

ᠬᠠᠮᠲᠤᠷᠠᠯᠴᠠᠭ᠎ᠠ ᠬᠢᠬᠦ ᠪᠠᠷ ᠴᠢᠷᠮᠠᠶᠢᠵᠤ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠠᠬᠢᠭᠤᠯᠤᠨ᠎ᠠ ᠭᠡᠵᠦ

ᠢᠯᠡᠳᠬᠡᠵᠡᠭᠡᠪᠡ᠃

    ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ

ᠵᠠᠩᠭᠢᠵᠢᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠭᠤᠣᠯ ᠬᠠᠷᠢᠭᠤᠴᠠᠯᠭᠠᠲᠠᠨ ᠵᠢᠴᠢ

ᠥᠪᠥᠷ ᠮᠣᠩᠭᠤᠯ ᠤᠨ ᠢᠦᠢ ᠰᠢᠶᠤᠤ ᠮᠧᠩ ᠳ᠋ᠠ ᠲᠢᠲ᠋ᠠᠨ ᠦᠢᠯᠡᠰ ᠤᠨ ᠬᠢᠵᠠᠭᠠᠷᠲᠤ ᠺᠣᠮᠫᠠᠨᠢ᠂ ᠱᠠᠨᠰᠢ ᠶᠢᠨ ᠵᠦᠩ

ᠰᠢᠩ ᠾᠧᠩ ᠲᠠᠢ ᠪᠡᠯᠡ ᠣᠷᠣᠭᠤᠯᠤᠯᠲᠠ ᠶᠢᠨ ᠬᠤᠪᠢ ᠣᠷᠣᠭᠤᠯᠤᠯᠲᠠ ᠶᠢ ᠡᠵᠡᠮᠳᠡᠬᠦ ᠬᠢᠵᠠᠭᠠᠷᠲᠤ ᠺᠣᠮᠫᠠᠨᠢ᠂

ᠱᠧᠨᠵᠧᠨ ᠬᠤᠳᠠ ᠶᠢᠨ ᠰᠢᠩ ᡁᠢ ᠰᠢᠩ ᠮᠠᠰᠢᠨ ᠬᠥᠮᠦᠨ ᠤ ᠮᠡᠷᠭᠡᠵᠢᠯ ᠤᠨ ᠬᠢᠵᠠᠭᠠᠷᠲᠤ ᠺᠣᠮᠫᠠᠨᠢ᠂ ᠭᠤᠸᠠᠩᠵᠧᠦ ᠶᠢᠨ

ᠴᠢ ᠷᠦᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ ᠬᠤᠷᠢ ᠭᠠᠷᠤᠢ ᠠᠵᠤ ᠠᠬᠤᠶᠢᠯᠠᠯ ᠤᠨ

ᠬᠠᠷᠢᠭᠤᠴᠠᠯᠭᠠᠲᠠᠨ ᠵᠥᠪᠳᠡᠯᠴᠡᠬᠡᠷ ᠤᠨ ᠬᠤᠷᠠᠯ ᠳᠤ ᠣᠷᠣᠯᠴᠠᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ   

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2