ᠬᠤᠸᠠᠳᠧ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠪᠠᠳᠠᠨ ᠰᠢᠢᠤᠡᠪᠤᠷᠢᠯᠡᠭᠦᠯᠬᠦ ᠶᠠᠷᠢᠯᠴᠠᠬᠤ ᠬᠤᠷᠠᠯ ᠵᠢᠴᠢ ᠳ᠋ᠦᠩ ᠴᠧᠩ ᠲᠣᠭᠤᠷᠢᠭ ᠤᠨ ᠬᠠᠨᠳᠢᠪᠯᠠᠨ ᠲᠤᠰᠠᠯᠠᠬᠤ ᠨᠡᠪᠲᠡᠷᠡᠯᠴᠡᠭᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/5

    8 ᠰᠠᠷ᠎ᠠ ᠶᠢᠨ 1 ᠤ ᠡᠳᠦᠷ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠪᠠᠳᠠᠨ

ᠰᠢᠢᠤᠡᠪᠤᠷᠢᠯᠡᠭᠦᠯᠬᠦ ᠶᠠᠷᠢᠯᠴᠠᠬᠤ ᠬᠤᠷᠠᠯ ᠵᠢᠴᠢ ᠳ᠋ᠦᠩ ᠴᠧᠩ ᠲᠣᠭᠤᠷᠢᠭ ᠤᠨ ᠬᠠᠨᠳᠢᠪᠯᠠᠨ ᠲᠤᠰᠠᠯᠠᠬᠤ

ᠨᠡᠪᠲᠡᠷᠡᠯᠴᠡᠭᠡ ᠶᠢᠨ ᠬᠤᠷᠠᠯ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠤᠷᠠᠯᠳᠤᠪᠠ᠃

ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠰᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

1722564802668029466.jpg

    ᠬᠤᠷᠠᠯ ᠳᠡᠭᠡᠷ᠎ᠡ᠂ ᠳ᠋ᠦᠩ ᠴᠧᠩ ᠲᠣᠭᠤᠷᠢᠭ ᠤᠨ ᠲᠦᠷ ᠴᠠᠭ ᠲᠤᠰᠢᠶᠠᠯ ᠡᠭᠦᠷᠭᠡᠯᠡᠬᠦ ᠰᠢᠶᠠᠨ ᠤ ᠠᠵᠤ

ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠵᠣᠣ ᠴᠧᠩ ᠸᠧᠨ ᠲᠤᠰᠠᠯᠠᠮᠵᠢ ᠶᠢᠨ

ᠪᠠᠯᠠ ᠮᠥᠩᠭᠦ ᠶᠢᠨ ᠲᠥᠰᠦᠯ ᠪᠠ ᠪᠠᠯᠠ ᠮᠥᠩᠭᠦ ᠶᠢᠨ ᠬᠡᠷᠡᠭᠯᠡᠯᠲᠡ ᠶᠢᠨ ᠱᠠᠭᠠᠷᠳᠠᠯᠭ᠎ᠠ ᠶᠢ ᠤᠯᠠᠮᠵᠢᠯᠠᠪᠠ︔ ᠰᠢᠶᠠᠨ ᠤ

ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠼᠤᠤ ᠳ᠋ᠧᠩ ᠹᠧᠩ ᠰᠢᠶᠠᠨ ᠤ ᠤᠯᠤᠰ

ᠲᠦᠷᠦ ᠶᠢᠨ ᠵᠥᠪᠯᠡᠯᠭᠡᠨ ᠤ 2024 ᠣᠨ ᠳᠤ ᠠᠩᠬᠠᠷᠤᠨ ᠭᠦᠢᠴᠡᠳᠬᠡᠭᠰᠡᠨ ᠲᠠᠪᠤᠨ ᠰᠠᠨᠠᠯ ᠳᠤᠷᠠᠳᠤᠯᠭ᠎ᠠ ᠶᠢ

ᠰᠢᠢᠳᠪᠦᠷᠢᠯᠡᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠬᠤᠷᠠᠯ ᠳᠤ ᠣᠷᠣᠯᠴᠠᠭᠰᠠᠨ ᠬᠤᠯᠪᠣᠭᠳᠠᠯ ᠪᠦᠬᠦᠢ ᠰᠠᠯᠠᠭ᠎ᠠ

ᠮᠥᠴᠢᠷ ᠪᠣᠯᠤᠨ ᠰᠠᠨᠠᠯ ᠳᠤᠷᠠᠳᠤᠯᠭ᠎ᠠ ᠶᠢᠨ ᠭᠡᠰᠢᠭᠦᠳ ᠲᠤᠰᠠᠯᠠᠮᠵᠢ ᠶᠢᠨ ᠲᠥᠰᠦᠯ ᠪᠣᠯᠤᠨ ᠰᠠᠨᠠᠯ ᠳᠤᠷᠠᠳᠤᠯᠭ᠎ᠠ ᠶᠢ

ᠰᠢᠢᠳᠪᠦᠷᠢᠯᠡᠭᠰᠡᠨ ᠦᠷ᠎ᠡ ᠪᠦᠲᠦᠮᠵᠢ ᠶᠢᠨ ᠲᠤᠬᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ

ᠳᠤᠷᠠᠳᠴᠠᠢ᠃

    ᠬᠤᠷᠠᠯ ᠠᠴᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠡᠭᠡᠵᠢᠩ

ᠬᠤᠲᠠ ᠶᠢᠨ ᠳ᠋ᠦᠩ ᠴᠧᠩ ᠲᠣᠭᠤᠷᠢᠭ ᠪᠣᠯᠤᠨ ᠬᠤᠸᠠᠳᠧ ᠰᠢᠶᠠᠨ ᠰᠤᠷᠭᠠᠨ ᠬᠥᠮᠦᠵᠢᠯ ᠤᠨ ᠬᠦᠷᠢᠶᠡᠨ ᠳᠠᠬᠢ

ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠠᠭᠰᠢ ᠶᠢᠨ ᠰᠣᠯᠢᠯᠴᠠᠭ᠎ᠠ᠂ ᠰᠤᠷᠭᠠᠨ ᠬᠥᠮᠦᠵᠢᠯ ᠤᠨ

ᠪᠣᠯᠪᠠᠰᠤᠷᠠᠯ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠵᠣᠭᠤᠰ ᠮᠥᠩᠭᠦ ᠪᠠᠷ ᠰᠤᠷᠤᠯᠭ᠎ᠠ ᠶᠢ ᠲᠡᠳᠬᠦᠬᠦ ᠵᠡᠷᠭᠡ ᠠᠷᠭ᠎ᠠ

ᠬᠡᠯᠪᠡᠷᠢ ᠪᠠᠷ ᠮᠠᠨ ᠤ ᠰᠢᠶᠠᠨ ᠤ ᠰᠤᠷᠭᠠᠨ ᠬᠥᠮᠦᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃

ᠲᠣᠰ ᠤᠳᠠᠭᠠᠨ ᠤ ᠲᠤᠰᠠᠯᠠᠮᠵᠢ ᠶᠢᠨ ᠠᠵᠢᠯᠯᠠᠭ᠎ᠠ ᠨᠢ ᠬᠤᠶᠠᠷ ᠭᠠᠵᠠᠷ ᠤᠨ ᠬᠤᠭᠤᠷᠣᠨᠳᠣᠬᠢ ᠬᠠᠷᠢᠯᠴᠠᠭ᠎ᠠ ᠪᠠ

ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠰᠢᠶᠠᠨ ᠤ ᠰᠤᠷᠭᠠᠨ ᠬᠥᠮᠦᠵᠢᠯ ᠤᠨ

ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠰᠤᠷᠭᠠᠨ ᠬᠥᠮᠦᠵᠢᠯ

ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠷᠠᠯ ᠤᠨ ᠳᠠᠷᠠᠭ᠎ᠠ ᠲᠤᠰᠠᠯᠠᠬᠤ ᠲᠥᠰᠦᠯ ᠢ ᠨᠠᠷᠢᠨ ᠬᠢᠨᠠᠮᠠᠭᠠᠶ

ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠣᠰᠣᠭᠠᠷ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠨᠠᠷᠢᠯᠢᠭ

ᠣᠨᠣᠴᠠᠲᠠᠶ ᠪᠠᠷ ᠰᠢᠯᠭᠠᠷᠠᠭᠤᠯᠤᠨ ᠱᠠᠩᠨᠠᠵᠤ᠂ ᠨᠡᠶᠢᠭᠡᠮ ᠤᠨ ᠬᠠᠶᠢᠷ᠎ᠠ ᠬᠠᠯᠠᠮᠵᠢ ᠶᠢ ᠨᠠᠩ ᠣᠯᠠᠨ ᠶᠠᠳᠠᠭᠤ

ᠬᠦᠴᠢᠷᠳᠡᠯᠲᠡᠶ ᠰᠤᠷᠤᠭᠴᠢᠳ ᠲᠤ ᠦᠨᠡᠨᠬᠦ ᠬᠦᠷᠲᠡᠭᠡᠵᠦ᠂ ᠨᠡᠶᠢᠲᠡᠯᠢᠭ ᠵᠢᠱᠢᠶ᠎ᠡ ᠪᠠᠷ ᠳᠠᠶᠢᠴᠢᠯᠠᠬᠤ᠂ ᠵᠥᠪ ᠴᠢᠭᠯᠡᠯ ᠢᠶᠠᠷ

ᠤᠷᠮᠠᠰᠢᠭᠤᠯᠬᠤ ᠪᠠᠷ ᠳᠠᠮᠵᠢᠭᠤᠯᠤᠨ᠂ ᠪᠦᠬᠦᠯᠢ ᠴᠣᠭᠴᠠ ᠶᠢᠨ ᠳᠡᠭᠡᠭᠰᠢᠯᠡᠯᠲᠡ᠂ ᠪᠥᠬᠦ ᠲᠠᠯ᠎ᠠ ᠶᠢᠨ ᠳᠠᠪᠰᠢᠯᠲᠠ ᠶᠢ

ᠪᠡᠶᠡᠯᠡᠭᠦᠯᠬᠦ ᠬᠡᠷᠡᠭᠲᠡᠶ᠃

    ᠬᠤᠷᠠᠯ ᠠᠴᠠ ᠱᠠᠭᠠᠷᠳᠠᠭᠰᠠᠨ ᠨᠢ᠂ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ

ᠨᠢᠭᠡᠴᠢ ᠶᠢᠨ ᠬᠢᠨ ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠠᠷᠠᠳ ᠤᠨ

ᠠᠮᠢᠳᠤᠷᠠᠯ ᠤᠨ ᠠᠰᠠᠭᠤᠳᠠᠯ ᠶᠠᠭᠤᠨ ᠠᠴᠠ ᠴᠤ ᠡᠷᠬᠢᠮ ᠪᠠᠶᠢᠬᠤ︾ ᠢᠲᠡᠭᠡᠯ ᠵᠣᠷᠢᠭ ᠢ ᠪᠠᠲᠤ ᠪᠤᠢ ᠪᠣᠯᠭᠠᠵᠤ᠂

ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠡᠨᠡ

ᠬᠦ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ

ᠵᠥᠪᠯᠡᠯᠭᠡᠨ ᠤ ᠭᠡᠰᠢᠭᠦᠳ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂

ᠰᠠᠨᠠᠭᠠᠴᠢᠯᠠᠭ᠎ᠠ ᠠᠴᠠ ᠪᠠᠨ ᠰᠠᠨᠠᠯ ᠰᠣᠨᠣᠰᠴᠤ᠂ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠵᠤ᠂ ᠭᠦᠨᠵᠡᠭᠡᠢ

ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃

    ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠱᠢ ᠶᠢᠩ᠂ ᠤᠯᠤᠰ ᠲᠥᠷᠥ ᠶᠢᠨ ᠵᠥᠪᠯᠡᠯᠭᠡᠨ ᠤ

ᠬᠠᠮᠢᠶ᠎ᠠ ᠪᠥᠬᠦᠶ ᠰᠠᠨᠠᠯ ᠳᠤᠷᠠᠳᠤᠯᠭ᠎ᠠ ᠶᠢᠨ ᠭᠡᠰᠢᠭᠦᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ   

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2