ᠱᠠᠨᠳᠦ᠋ᠩ ᠮᠤᠵᠢ ᠶᠢᠨ ᠵᠢᠨᠠᠨ ᠤ ᠬᠦᠶ ᠰᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠬᠤᠸᠠᠳᠧ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/9

    ᠬᠤᠸᠠᠳᠧ ᠰᠢᠶᠠᠨ ᠤ ᠬᠤᠪᠴᠠᠰᠤᠨ ᠤ ᠠᠵᠤ ᠦᠢᠯᠡᠰ ᠤᠨ ᠬᠥᠭᠵᠢᠯᠲᠡ ᠳᠤ ᠦᠨᠡᠨᠬᠦ ᠬᠦᠴᠦᠨ ᠨᠡᠮᠡᠷᠢᠯᠡᠪᠡ᠃ 8

ᠰᠠᠷ᠎ᠠ ᠶᠢᠨ 5 ᠤ ᠡᠳᠦᠷ᠂ ᠵᠢᠨᠠᠨ ᠤ ᠬᠦᠶ ᠰᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠪᠣᠯᠤᠨ ᠥᠪᠥᠷ

ᠮᠣᠩᠭᠤᠯ ᠤᠨ ᠰᠢᠨ ᠺᠧ ᠲᠡᠮᠡᠭᠡᠨ ᠨᠣᠯᠤᠤᠷ ᠤᠨ ᠪᠦᠲᠦᠭᠡᠭᠳᠡᠬᠦᠨ ᠤ ᠮᠡᠷᠭᠡᠵᠢᠯ ᠤᠨ ᠨᠡᠭᠡᠭᠡᠯᠲᠡ ᠶᠢᠨ ᠬᠢᠵᠠᠭᠠᠷᠲᠤ

ᠺᠣᠮᠫᠠᠨᠢ᠂ ᠬᠤᠸᠠᠳᠧ ᠰᠢᠶᠠᠨ ᠤ ᠳ᠋ᠠ ᠶᠤᠸᠠᠨ ᠬᠤᠪᠴᠠᠰᠤ ᠬᠢᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ

ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠬᠤᠸᠠᠳᠧ ᠰᠢᠶᠠᠨ ᠳᠤ ᠶᠠᠪᠤᠭᠳᠠᠪᠠ᠃

ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ

ᠷᠦᠩ ᠬᠤᠸᠠ ᠣᠷᠣᠯᠴᠠᠪᠠ᠃

1723080524599066703.jpg

    ᠵᠢᠨᠠᠨ ᠤ ᠬᠦᠢ ᠱᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ

ᠵᠠᠩ ᠴᠤᠸᠠᠨ ᠴᠧᠩ ᠵᠡᠷᠭᠡ 5 ᠬᠥᠮᠦᠨ ᠨᠢ ᠬᠤᠧᠳᠧ ᠱᠢᠶᠠᠨ ᠶᠢᠨ ᠬᠤᠪᠴᠠᠰᠤᠨ ᠤ ᠠᠵᠤ ᠦᠢᠯᠡᠰ ᠤᠨ

ᠬᠦᠷᠢᠶᠡᠯᠡᠩ ᠲᠣᠭᠤᠷᠢᠭ ᠲᠤ ᠭᠦᠨᠵᠡᠭᠡᠢᠷᠡᠨ᠂ ᠬᠤᠪᠴᠠᠰᠤᠨ ᠤ ᠠᠵᠤ ᠦᠢᠯᠡᠰ ᠤᠨ ᠬᠦᠷᠢᠶᠡᠯᠡᠩ ᠤᠨ ᠦᠢᠯᠡᠳᠬᠦᠨ ᠤ

ᠦᠵᠡᠭᠦᠯᠦᠯᠭᠡ ᠶᠢᠨ ᠲᠢᠩᠬᠢᠮ᠂ ᠦᠢᠯᠡᠳᠪᠦᠷᠢᠯᠡᠯ ᠤᠨ ᠲᠠᠰᠤᠭ᠂ ᠬᠤᠪᠴᠠᠰᠤ ᠪᠣᠯᠪᠠᠰᠤᠷᠠᠭᠤᠯᠬᠤ ᠦᠢᠯᠡᠳᠪᠦᠷᠢ ᠶᠢᠨ

ᠲᠠᠰᠤᠭ ᠢ ᠲᠤᠬᠠᠢ ᠶᠢᠨ ᠭᠠᠵᠠᠷ ᠲᠤᠨᠢ ᠪᠠᠢᠴᠠᠭᠠᠨ ᠰᠤᠳᠤᠯᠵᠤ᠂ ᠲᠤᠬᠠᠢ ᠶᠢᠨ ᠭᠠᠵᠠᠷ ᠲᠤᠨᠢ ᠠᠵᠤ ᠠᠬᠤᠢᠯᠠᠯ ᠤᠨ

ᠬᠡᠪᠴᠢᠶ᠎ᠡ᠂ ᠦᠢᠯᠡᠳᠪᠦᠷᠢᠯᠡᠯ ᠤᠨ ᠶᠠᠪᠤᠴᠠ᠂ ᠦᠢᠯᠡᠳᠬᠦᠨ ᠤ ᠶᠠᠰᠤ ᠴᠢᠨᠠᠷ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ᠂

ᠰᠤᠳᠤᠯᠤᠨ ᠨᠡᠭᠡᠭᠡᠬᠦ ᠵᠢᠷᠤᠭ ᠲᠥᠯᠥᠪᠯᠡᠭᠡ ᠵᠡᠷᠭᠡ ᠪᠠᠢᠳᠠᠯ ᠢ ᠣᠢᠯᠠᠭᠠᠭᠰᠠᠨ ᠪᠥᠭᠡᠳ ᠬᠤᠪᠴᠠᠰᠤᠨ ᠤ ᠠᠵᠤ

ᠦᠢᠯᠡᠰ ᠤᠨ ᠬᠦᠷᠢᠶᠡᠯᠡᠩ ᠤᠨ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠬᠠᠢ ᠭᠦᠨᠵᠡᠭᠡᠢ

ᠰᠣᠯᠢᠯᠴᠠᠪᠠ᠃

图片2.png

    ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂ ᠬᠠᠮᠲᠤᠷᠠᠯᠴᠠᠭᠠᠨ ᠤ ᠶᠠᠷᠢᠯᠴᠠᠬᠤ

ᠬᠤᠷᠠᠯ ᠬᠤᠷᠠᠯᠳᠤᠭᠤᠯᠵᠤ᠂ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠵᠢᠨᠠᠨ ᠤ ᠬᠦᠶ ᠰᠢ ᠠᠷᠠᠯᠵᠢᠶ᠎ᠠ

ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠴᠤᠸᠠᠨ ᠴᠧᠩ᠂ ᠬᠤᠸᠠᠳᠧ

ᠰᠢᠶᠠᠨ ᠤ ᠳ᠋ᠠ ᠶᠤᠸᠠᠨ ᠬᠤᠪᠴᠠᠰᠤ ᠬᠢᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ

ᠯᠢᠦ ᡁᠢ᠂ ᠥᠪᠥᠷ ᠮᠣᠩᠭᠤᠯ ᠤᠨ ᠰᠢᠨ ᠺᠧ ᠲᠡᠮᠡᠭᠡᠨ ᠨᠣᠯᠤᠤᠷ ᠤᠨ ᠪᠦᠲᠦᠭᠡᠭᠳᠡᠬᠦᠨ ᠤ ᠮᠡᠷᠭᠡᠵᠢᠯ ᠤᠨ

ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠦᠩ ᠫᠧᠩ ᠲᠥᠯᠥᠭᠡᠯᠡᠭᠴᠢ ᠬᠠᠮᠲᠤ ᠪᠠᠷ

ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠬᠠᠮᠲᠤᠷᠠᠯᠴᠠᠭᠠᠨ ᠤ ᠬᠡᠯᠡᠯᠴᠡᠭᠡᠷ ᠢ

ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ ᠪᠦᠬᠦ ᠲᠠᠯ᠎ᠠ ᠶᠢᠨ

ᠬᠠᠮᠲᠤᠷᠠᠯᠴᠠᠭ᠎ᠠ ᠥᠷᠨᠢᠭᠦᠯᠦᠨ᠎ᠡ᠂ ᠵᠢᠨᠠᠨ ᠤ ᠬᠦᠢ ᠰᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠲᠦᠷᠦᠯ

ᠲᠡᠮᠳᠡᠭ ᠢ ᠳᠡᠯᠭᠡᠷᠡᠭᠦᠯᠬᠦ᠂ ᠵᠠᠬ᠎ᠠ ᠳᠡᠯᠭᠡᠭᠦᠷ ᠢ ᠨᠡᠭᠡᠭᠡᠬᠦ᠂ ᠦᠢᠯᠡᠳᠬᠦᠨ ᠤ ᠪᠣᠷᠣᠯᠠᠭᠤᠯᠭ᠎ᠠ ᠵᠡᠷᠭᠡ ᠲᠠᠯ᠎ᠠ ᠪᠠᠷ ᠬᠤᠸᠠᠳᠧ

ᠰᠢᠶᠠᠨ ᠤ ᠬᠤᠪᠴᠠᠰᠤᠨ ᠤ ᠠᠵᠤ ᠠᠬᠤᠶᠢᠯᠠᠯ ᠳᠤ ᠢᠳᠡᠪᠬᠢᠲᠡᠢ ᠳᠡᠮᠵᠢᠯᠭᠡ ᠦᠵᠡᠭᠦᠯᠵᠦ᠂ ᠬᠠᠮᠲᠤ ᠶᠢᠨ ᠬᠥᠭᠵᠢᠯᠲᠡ᠂

ᠬᠠᠷᠢᠯᠴᠠᠨ ᠠᠰᠢᠭᠲᠠᠢ ᠬᠠᠷᠢᠯᠴᠠᠨ ᠠᠰᠢᠭᠲᠠᠢ ᠪᠠᠶᠢᠬᠤ ᠶᠢ ᠪᠡᠶᠡᠯᠡᠭᠦᠯᠬᠦ ᠪᠣᠯᠤᠨ᠎ᠠ᠃ ᠬᠤᠶᠠᠷ ᠲᠠᠯ᠎ᠠ ᠪᠠᠷ ᠢᠶᠠᠨ

ᠵᠥᠪᠳᠡᠯᠴᠡᠬᠦ ᠪᠠᠷ ᠳᠡᠮᠵᠢᠨ᠂ ᠵᠢᠱᠢᠯᠲᠡ ᠪᠠᠷ 2024 ᠣᠨ ᠳᠤ 60 ᠲᠦᠮᠡᠨ ᠲᠥᠭᠦᠷᠢᠭ ᠣᠷᠴᠢᠮ ᠰᠠᠨᠠᠮᠵᠢ ᠶᠢᠨ

ᠪᠣᠷᠣᠯᠠᠭᠤᠯᠤᠯᠲᠠ ᠶᠢᠨ ᠬᠡᠮᠵᠢᠶ᠎ᠡ ᠲᠣᠬᠢᠷᠠᠨ᠎ᠠ᠃

图片3.png

    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ

ᠯᠢᠦ ᠷᠦᠩ ᠬᠤᠸᠠ ᠲᠤᠰ ᠤᠳᠠᠭᠠᠨ ᠤ ᠬᠠᠮᠲᠤᠷᠠᠯᠴᠠᠭ᠎ᠠ ᠳᠤ ᠪᠠᠶᠠᠷ ᠬᠦᠷᠭᠡᠵᠦ᠂ ᠵᠢᠨᠠᠨ ᠤ ᠬᠦᠢ ᠰᠢ ᠠᠷᠠᠯᠵᠢᠶ᠎ᠠ

ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠮᠠᠨ ᠤ ᠰᠢᠶᠠᠨ ᠤ ᠬᠤᠪᠴᠠᠰᠤᠨ ᠤ ᠠᠵᠤ ᠦᠢᠯᠡᠰ ᠤᠨ ᠬᠥᠭᠵᠢᠯᠲᠡ ᠶᠢ

ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠥᠪ ᠤᠨ ᠣᠷᠣᠨ ᠲᠤᠭ᠎ᠠ ᠶᠢᠨ ᠠᠯᠪᠠᠨ ᠬᠡᠷ ᠴᠡᠭ

ᠲᠣᠭᠲᠠᠭᠠᠨ ᠡᠮᠦᠨ᠎ᠡ ᠲᠠᠯ᠎ᠠ ᠶᠢᠨ ᠨᠠᠮ ᠤᠨ ᠳᠤᠭᠤᠶᠢᠯᠠᠩ᠂ ᠬᠤᠸᠠᠳᠧ ᠰᠢᠶᠠᠨ ᠤ ᠬᠤᠪᠴᠠᠰᠤ ᠬᠤᠨᠠᠷ ᠤᠨ ᠠᠵᠤ

ᠦᠶ᠋ᠯᠡᠰ ᠤᠨ ᠬᠦᠷᠢᠶᠡᠯᠡᠩ ᠢ ᠬᠠᠪᠰᠤᠷᠤᠨ ᠲᠡᠳᠬᠦᠬᠦ ᠭᠡᠷ᠎ᠡ ᠲᠣᠭᠲᠠᠬᠤ ᠬᠤᠶᠠᠷ ᠲᠠᠯ᠎ᠠ ᠶᠢ ᠢᠳᠡᠪᠬᠢᠲᠡᠶ ᠳᠡᠮᠵᠢᠵᠦ᠂

ᠠᠵᠤ ᠠᠬᠤᠶᠢᠯᠠᠯ ᠤᠨ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠦᠶ᠋ᠯᠡᠴᠢᠯᠡᠵᠦ᠂ ᠪᠣᠳᠠᠲᠠᠶ ᠬᠦᠴᠢᠷᠳᠡᠯ ᠢ ᠨᠢ

ᠦᠨᠡᠨ ᠬᠦ ᠬᠠᠪᠰᠤᠷᠤᠨ ᠰᠢᠶ᠋ᠳᠪᠦᠷᠢᠯᠡᠵᠦ᠂ ᠭᠡᠷ᠎ᠡ ᠲᠣᠭᠲᠠᠬᠤ ᠬᠤᠶᠠᠷ ᠲᠠᠯ᠎ᠠ ᠪᠠᠷ ᠢᠶᠠᠨ ᠠᠵᠢᠯ ᠤᠨ ᠠᠬᠢᠴᠠ ᠪᠠᠨ

ᠲᠦᠷᠭᠡᠳᠬᠡᠵᠦ᠂ ᠲᠥᠷᠥᠯ ᠵᠦᠶ᠋ᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠸᠠᠳᠧ ᠰᠢᠶᠠᠨ ᠤ

ᠬᠤᠪᠴᠠᠰᠤ ᠬᠤᠨᠠᠷ ᠤᠨ ᠠᠵᠤ ᠦᠶ᠋ᠯᠡᠰ ᠢ ᠬᠥᠭᠵᠢᠭᠦᠯᠦᠨ ᠮᠠᠨᠳᠤᠭᠤᠯᠬᠤ᠂ ᠰᠢᠶᠠᠨ ᠤ ᠬᠡᠪᠴᠢᠶᠡᠨ ᠤ ᠤᠨᠴᠠᠯᠢᠬᠳᠤ

ᠠᠵᠤ ᠦᠶ᠋ᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠶ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2