8 ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ᠂ ᠬᠤᠸᠠᠳᠧ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠪᠦᠬᠦ ᠰᠢᠶᠠᠨ ᠤ ᠴᠦᠯᠯᠡᠷᠭᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ | | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠪᠢᠳᠠᠨ ᠬᠠᠮᠢᠶᠠᠷᠬᠤ ᠳᠡᠳ᠋ | ᠡᠷᠬᠢᠯᠡᠭᠴᠢ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠠᠯᠪᠠᠨ ᠬᠡᠷ ᠪᠣᠯᠤᠨ ᠲᠠᠷᠢᠶᠠᠯᠠᠩ ᠮᠠᠯ ᠠᠵᠤ | ᠠᠬᠤᠶ ᠶᠢᠨ ᠠᠵᠢᠯ ᠤᠨ ᠵᠥᠪᠯᠡᠯ ᠤᠨ ᠠᠵᠢᠯᠲᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ | ᠠᠵᠢᠯ ᠤᠨ ᠭᠤᠤᠯᠯᠠᠭᠴᠢ ᠬᠦᠴᠦᠨ ᠢᠶᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠳᠤᠭᠤᠶᠢᠯᠠᠩ᠂ ᠴᠢ ᠬᠤᠤ | ᠪᠠᠯᠭᠠᠰᠤᠨ ᠤ ᠪᠢᠯᠢᠭᠲᠦ ᠪᠠᠯᠭᠠᠰᠤᠨ ᠤ ᠨᠤᠲᠤᠭ ᠪᠡᠯᠴᠢᠭᠡᠷ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ | ᠵᠦᠢᠯ ᠤᠨ ᠲᠣᠭᠤᠷᠢᠭ᠂ ᠰᠢᠷᠭᠤᠯᠵᠢ ᠶᠢᠨ ᠣᠶ ᠰᠢᠭᠤᠶ ᠶᠢᠨ ᠳᠤᠮᠳᠠᠳᠤ ᠤᠯᠤᠰ ᠤᠨ ᠨᠣᠭᠤᠭᠠᠷᠠᠭᠤᠯᠤᠯᠲᠠ ᠶᠢᠨ | ᠰᠠᠭᠤᠷᠢ ᠮᠥᠩᠭᠦ ᠶᠢᠨ ᠬᠠᠮᠲᠤᠷᠠᠨ ᠣᠶᠢᠵᠢᠭᠤᠯᠬᠤ ᠲᠥᠷᠥᠯ ᠵᠦᠢᠯ ᠤᠨ ᠲᠣᠭᠤᠷᠢᠭ ᠵᠢᠴᠢ 2023 ᠣᠨ ᠤ | ︽ᠬᠤᠤᠰ︾ ᠲᠥᠷᠥᠯ ᠵᠦᠢᠯ ᠤᠨ ᠪᠣᠳᠠ ᠮᠣᠳᠣ ᠶᠢ ᠳᠠᠷᠢᠵᠤ ᠣᠶᠢᠵᠢᠭᠤᠯᠬᠤ ᠲᠥᠷᠥᠯ ᠵᠦᠢᠯ ᠤᠨ ᠲᠣᠭᠤᠷᠢᠭ | ᠵᠡᠷᠭᠡ ᠳᠤ ᠭᠦᠨᠵᠡᠭᠡᠶᠢᠷᠡᠵᠦ᠂ ᠪᠥᠬᠦ ᠰᠢᠶᠠᠨ ᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠭᠰᠠᠨ ᠪᠠᠶᠢᠳᠠᠯ ᠳᠤ | ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ | | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠲᠥᠷᠥᠯ ᠵᠦᠢᠯ ᠤᠨ ᠣᠷᠣᠨ ᠤ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ | ᠬᠢᠨᠠᠮᠠᠭᠠᠶ ᠰᠣᠨᠣᠰᠤᠭᠰᠠᠨ ᠪᠥᠭᠡᠳ ᠲᠥᠷᠥᠯ ᠵᠦᠢᠯ ᠢ ᠪᠡᠶᠡᠯᠡᠭᠦᠯᠦᠭᠰᠡᠨ ᠶᠠᠰᠤ ᠴᠢᠨᠠᠷ ᠪᠠ ᠠᠬᠢᠴᠠ ᠵᠢᠴᠢ ᠲᠥᠷᠥᠯ | ᠵᠦᠢᠯ ᠢ ᠬᠡᠷᠡᠭᠵᠢᠭᠦᠯᠬᠦ ᠦᠶ᠎ᠡ ᠳᠤ ᠲᠤᠯᠭᠠᠷᠠᠭᠰᠠᠨ ᠬᠦᠴᠢᠷᠳᠡᠯ ᠢ ᠯᠠᠪᠯᠠᠨ ᠠᠰᠠᠭᠤᠭᠰᠠᠨ ᠪᠥᠭᠡᠳ ᠣᠷᠣᠰᠢᠵᠤ | ᠪᠠᠶᠢᠭ᠎ᠠ ᠠᠰᠠᠭᠤᠳᠠᠯ ᠪᠠ ᠬᠦᠴᠢᠷᠳᠡᠯ ᠢ ᠬᠡᠷᠬᠢᠨ ᠰᠢᠢᠳᠪᠦᠷᠢᠯᠡᠬᠦ ᠲᠤᠬᠠᠶ ᠵᠢᠯᠣᠭᠤᠳᠬᠤ ᠴᠢᠨᠠᠷᠲᠠᠶ ᠰᠠᠨᠠᠯ ᠪᠠ | ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠪᠦᠬᠦ ᠰᠢᠶᠠᠨ ᠤ ᠴᠦᠯᠯᠡᠷᠭᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ︽ᠭᠤᠷᠪᠠᠨ ᠤᠮᠠᠷᠠᠲᠤ︾ ᠶᠢᠨ | ᠠᠮᠢ ᠠᠬᠤᠢ ᠶᠢᠨ ᠴᠢᠳᠠᠮᠵᠢᠲᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠠ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ | ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ | ᠶᠠᠷᠢᠯᠴᠠᠬᠤ ᠬᠤᠷᠠᠯ ᠳᠡᠭᠡᠷ᠎ᠡ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤ | ᠤᠯᠤᠰ ᠤᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠪᠥᠲᠥᠭᠡᠨ | ᠪᠠᠶᠢᠭᠤᠯᠤᠯᠲᠠ ᠶᠢᠨ ᠡᠭᠦᠷᠭᠡ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠪᠥᠬᠦ ᠰᠢᠶᠠᠨ ᠤ | ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠰᠢᠶᠠᠨ ᠤ ᠬᠤᠷ᠎ᠠ ᠲᠣᠨᠣᠳᠠᠰᠤ ᠶᠢᠨ | ᠬᠡᠮᠵᠢᠶ᠎ᠡ᠂ ᠭᠠᠵᠠᠷ ᠳᠣᠤᠷᠠᠬᠢ ᠤᠰᠤ᠂ ᠠᠭᠤᠷ ᠠᠮᠢᠰᠬᠤᠯ᠂ ᠤᠷᠭᠤᠮᠠᠯ ᠤᠨ ᠬᠤᠴᠢᠯᠭ᠎ᠠ ᠶᠢᠨ ᠲᠠᠷᠬᠠᠯᠲᠠ ᠵᠡᠷᠭᠡ ᠡᠬᠢ | ᠪᠠᠶᠠᠯᠢᠭ ᠵᠢᠴᠢ ᠮᠠᠯ ᠤᠨ ᠬᠡᠮᠵᠢᠶ᠎ᠡ᠂ ᠲᠡᠵᠢᠭᠡᠯ ᠡᠪᠡᠰᠦ ᠪᠣᠷᠳᠤᠭ᠎ᠠ ᠬᠡᠷ ᠤᠨ ᠲᠡᠵᠢᠭᠡᠪᠦᠷᠢ ᠶᠢᠨ ᠲᠤᠭ᠎ᠠ ᠬᠡᠮᠵᠢᠶ᠎ᠡ ᠵᠡᠷᠭᠡ | ᠪᠠᠶᠢᠳᠠᠯ ᠲᠠᠢ ᠤᠶᠠᠯᠳᠤᠭᠤᠯᠤᠨ ᠶᠠᠷᠢᠯᠴᠠᠵᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ | ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ | ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠴᠠᠭ ᠠᠭᠤᠷ ᠤᠨ | ᠲᠣᠪᠴᠢᠶ᠎ᠠ ᠵᠢᠴᠢ ᠡᠯ᠎ᠡ ᠰᠢᠶᠠᠩ ᠪᠠᠯᠭᠠᠰᠤ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |