ᠡᠪᠯᠡᠯ ᠤᠨ ᠰᠢᠶᠠᠨ ᠤ ᠨᠠᠮ ᠤᠨ ᠬᠤᠷᠢᠶ᠎ᠠ ᠨᠤᠲᠤᠭ ᠲᠠᠭᠠᠨ ᠪᠤᠴᠠᠭᠰᠠᠨ ᠣᠶᠤᠲᠠᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ ᠰᠢᠨ᠎ᠡ ᠴᠠᠭ ᠦᠶ᠎ᠡ ᠶᠢᠨ ᠪᠣᠯᠪᠠᠰᠤᠨ ᠤ ᠲᠥᠪ ᠲᠤ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠪᠦᠯᠢ ᠮᠡᠲᠦ ᠳᠣᠲᠣᠨᠣ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/9

     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ

ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠦᠨᠳᠦᠰᠦᠲᠡᠨ ᠤ

ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ

ᠭᠤᠣᠯ ᠱᠤᠭᠤᠮ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢᠨ ᠭᠤᠣᠯ ᠬᠥᠭ ᠠᠶᠠᠰ ᠢ ᠴᠤᠤᠷᠢᠶᠠᠲᠤᠭᠤᠯᠵᠤ᠂ ᠥᠷᠭᠡᠨ ᠣᠯᠠᠨ ᠵᠠᠯᠠᠭᠤᠴᠤᠳ ᠢ ᠬᠥᠲᠥᠯᠥᠨ

ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ

ᠠᠯᠬᠤᠮ ᠪᠠᠲᠤᠳᠬᠠᠬᠤ ᠶᠢᠨ ᠲᠥᠯᠥᠭᠡ ᠶᠤᠮ᠃ ᠣᠶᠢᠷ᠎ᠠ ᠳᠤ᠂ ᠰᠢᠶᠠᠨ ᠤ ᠡᠪᠯᠡᠯ ᠤᠨ ᠬᠤᠷᠢᠶ᠎ᠠ ᠨᠤᠲᠤᠭ ᠲᠠᠭᠠᠨ

ᠪᠤᠴᠠᠭᠰᠠᠨ ᠤᠶᠤᠲᠠᠳ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠰᠢᠨ᠎ᠡ ᠴᠠᠭ ᠦᠶ᠎ᠡ ᠶᠢᠨ

ᠪᠣᠯᠪᠠᠰᠤᠨ ᠤ ᠦᠶ᠋ᠯᠡᠳᠦᠯᠭᠡ ᠶᠢᠨ ᠲᠥᠪ ᠲᠤ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠪᠦᠯᠢ ᠮᠡᠲᠦ

ᠳᠣᠲᠣᠨᠣ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃

1723080369994032013.jpg

    ᠣᠶᠤᠲᠠᠨ ᠰᠠᠶᠢᠨ ᠳᠤᠷ᠎ᠠ ᠶᠢᠨ ᠦᠢᠯᠡᠴᠢᠯᠡᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠦᠨᠳᠦᠰᠦᠲᠡᠨ ᠨᠦᠭᠦᠳ ᠤᠨ ᠬᠤᠭᠤᠷᠣᠨᠳᠣᠬᠢ ᠭᠦᠨ ᠵᠤᠵᠠᠭᠠᠨ ᠲᠡᠦᠬᠡ ᠶᠢᠨ ᠡᠬᠢ ᠰᠤᠷᠪᠤᠯᠵᠢ ᠪᠣᠯᠤᠨ ᠨᠢᠭᠲᠠ

ᠬᠤᠯᠪᠣᠭ᠎ᠠ ᠠᠴᠠ ᠡᠭᠦᠰᠴᠦ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ

ᠤᠯᠠᠮᠵᠢᠯᠠᠯ ᠳᠤ ᠥᠭᠦᠯᠡᠨ ᠶᠠᠷᠢᠵᠤ᠂ ᠡᠷᠲᠡ ᠦᠶ᠎ᠡ ᠶᠢᠨ ᠬᠤᠪᠢᠰᠬᠠᠯ ᠪᠣᠯᠤᠨ ᠦᠨᠳᠦᠰᠦᠲᠡᠨ ᠤ ᠰᠡᠬᠡᠭᠡᠷᠡᠭᠰᠡᠨ ᠠᠴᠠ

ᠶᠠᠫᠣᠨ ᠢ ᠡᠰᠡᠷᠭᠦᠴᠡᠬᠦ ᠲᠠᠶᠢᠨ ᠪᠣᠯᠤᠨ ᠴᠢᠯᠥᠭᠡᠯᠡᠬᠦ ᠳᠠᠶᠢᠨ ᠤ ᠦᠶ᠎ᠡ ᠬᠦᠷᠲᠡᠯ᠎ᠡ᠂ ᠳᠠᠬᠢᠨ ᠰᠢᠨ᠎ᠡ ᠳᠤᠮᠳᠠᠳᠤ ᠤᠯᠤᠰ

ᠪᠠᠶᠢᠭᠤᠯᠤᠭᠳᠠᠭᠰᠠᠨ ᠠᠴᠠ ᠠᠪᠤᠭᠠᠳ ᠢᠯᠠᠩᠭᠤᠶ᠎ᠠ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢᠨ ᠦᠢᠯᠡᠰ ᠤᠨ ᠰᠢᠨ᠎ᠡ ᠬᠥᠭᠵᠢᠯᠲᠡ ᠶᠢ ᠡᠮᠬᠢᠯᠡᠵᠦ ᠡᠮᠬᠢᠯᠡᠨ᠂ ︽ᠭᠤᠷᠪᠠᠨ ᠮᠢᠩᠭᠠᠨ ᠥᠨᠥᠴᠢᠨ

ᠬᠡᠦᠬᠡᠳ ᠢ ᠥᠪᠥᠷ ᠮᠣᠩᠭᠤᠯ ᠳᠤ ᠣᠷᠣᠭᠤᠯᠬᠤ︾ ᠭᠡᠳᠡᠭ ᠡᠨᠡ ᠬᠦ ᠬᠥᠮᠦᠰ ᠤᠨ ᠰᠡᠳᠬᠢᠯ ᠢ ᠬᠥᠳᠡᠯᠭᠡᠮ᠎ᠡ

ᠦᠨᠳᠦᠰᠦᠲᠡᠨ ᠤ ᠪᠦᠯᠬᠦᠮᠳᠡᠯ ᠤᠨ ᠰᠠᠶᠢᠬᠠᠨ ᠦᠯᠢᠭᠡᠷ ᠢ ᠭᠤᠣᠯᠳᠠᠯᠭ᠎ᠠ ᠲᠠᠢ ᠶᠠᠷᠢᠪᠠ᠃

    ᠣᠶᠤᠲᠠᠨ ᠰᠠᠶᠢᠨ ᠳᠤᠷ᠎ᠠ ᠶᠢᠨ ᠦᠢᠯᠡᠴᠢᠯᠡᠭᠴᠢᠳ᠂ ᠦᠨᠳᠦᠰᠦᠲᠡᠨ ᠤ ᠪᠦᠯᠬᠦᠮᠳᠡᠯ ᠤᠨ ᠬᠤᠯᠪᠣᠭᠳᠠᠯ ᠪᠦᠬᠦᠢ

ᠠᠭᠤᠯᠭ᠎ᠠ ᠶᠢ ᠰᠤᠷᠤᠯᠴᠠᠬᠤ ᠪᠠᠷ ᠳᠠᠮᠵᠢᠨ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠡᠶ᠎ᠡ ᠵᠣᠬᠢᠴᠠᠯ ᠲᠠᠢ ᠪᠠᠷ

ᠬᠠᠮᠲᠤ ᠣᠷᠣᠰᠢᠬᠤ ᠶᠢ ᠨᠡᠩ ᠨᠠᠨᠳᠢᠩᠨᠠᠵᠤ᠂ ᠰᠣᠷᠣᠭᠰᠠᠨ ᠮᠡᠳᠡᠯᠭᠡ ᠪᠠ ᠬᠤᠶᠢᠰᠢᠳᠠ ᠶᠢᠨ ᠰᠤᠷᠤᠯᠴᠠᠯᠭ᠎ᠠ ᠪᠠ

ᠠᠵᠢᠯ ᠤᠨ ᠳᠤᠮᠳᠠ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ

ᠦᠢᠯᠡᠰ ᠢ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ ᠭᠡᠵᠦ ᠢᠯᠡᠳᠬᠡᠵᠡᠭᠡᠪᠡ᠃

    ᠡᠪᠯᠡᠯ ᠤᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠵᠦ᠂

ᠥᠷᠭᠡᠨ ᠣᠯᠠᠨ ᠵᠠᠯᠠᠭᠤᠴᠤᠳ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠪᠠᠬᠢ ᠪᠣᠶ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠭᠡᠮ ᠤᠨ ᠦᠢᠯᠡᠳᠦᠯᠭᠡ ᠵᠡᠷᠭᠡ ᠠᠷᠭ᠎ᠠ ᠮᠠᠶ᠋ᠢᠭ ᠢᠶᠠᠷ

ᠳᠠᠮᠵᠢᠭᠤᠯᠤᠨ᠂ ᠨᠤᠲᠤᠭ ᠤᠰᠤᠨ ᠤ ᠪᠠᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ

ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠦᠨᠳᠦᠰᠦᠲᠡᠨ ᠤ ᠪᠦᠯᠬᠦᠮᠳᠡᠯ ᠤᠨ ᠡᠷᠬᠢᠮ ᠨᠠᠨᠳᠢᠨ

ᠡᠳ᠋ ᠪᠠᠶᠠᠯᠢᠭ ᠢ ᠬᠠᠮᠲᠤ ᠪᠠᠷ ᠰᠠᠬᠢᠨ ᠬᠠᠮᠠᠭᠠᠯᠠᠬᠤ ᠶᠢ ᠤᠷᠢᠶᠠᠯᠠᠪᠠ᠃

    ᠲᠣᠰ ᠤᠳᠠᠭᠠᠨ ᠤ ᠭᠤᠤᠯ ᠰᠡᠳᠦᠪᠲᠦ ᠠᠵᠢᠯᠯᠠᠭ᠎ᠠ ᠨᠢ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢᠳ ᠤᠨ

ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠲᠤᠬᠠᠶ

ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂

ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠲᠤᠬᠠᠶ ᠲᠠᠨᠢᠯᠲᠠ ᠪᠠᠨ ᠴᠢᠩᠭᠠᠳᠬᠠᠵᠤ᠂ ︽ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ

ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ

ᠬᠠᠮᠲᠤᠳᠬᠠᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠭᠦᠨᠵᠡᠭᠡᠶ

ᠣᠶᠢᠯᠠᠭᠠᠪᠠ᠃ ᠵᠠᠯᠠᠭᠤ ᠰᠠᠶᠢᠨ ᠳᠤᠷᠠᠴᠤᠳ ᠦᠷᠭᠦᠯᠵᠢᠯᠡᠨ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠵᠣᠷᠢᠭ

ᠰᠠᠨᠠᠭ᠎ᠠ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠵᠠᠯᠠᠭᠤ ᠨᠠᠰᠤᠨ ᠤ ᠠᠮᠠᠯᠠᠯᠲᠠ ᠪᠠᠨ ᠦᠶ᠋ᠯᠡᠳᠦᠯᠭᠡᠵᠢᠭᠦᠯᠵᠦ᠂

ᠳᠤᠮᠳᠠᠳᠤ ᠶᠢᠨ ᠦᠨᠳᠦᠰᠦᠲᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠠᠷᠢᠭᠤᠴᠠᠯᠭ᠎ᠠ

ᠡᠭᠦᠷᠭᠡᠯᠡᠯ ᠢ ᠡᠭᠦᠷᠭᠡᠯᠡᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠶᠡᠷᠦᠩᠬᠡᠶ

ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ

ᠥᠪᠡᠷᠲᠡᠭᠡᠨ ᠵᠠᠰᠠᠬᠤ ᠣᠷᠣ᠋︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ

ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2