ᠬᠤᠸᠠᠳᠧ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠲᠤᠰᠬᠠᠶ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/9

     8 ᠰᠠᠷ᠎ᠠ ᠶᠢᠨ 8 ᠤ ᠡᠳᠦᠷ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠤ ᠵᠢᠶ ᠱᠧᠩ

ᠬᠤᠸᠠᠳᠧ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ

ᠪᠠᠶᠢᠩᠭᠤ ᠶᠢᠨ ᠬᠤᠷᠢᠶᠠᠨ ᠤ ᠲᠤᠰᠬᠠᠶ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠬᠤᠷᠠᠯ ᠬᠤᠷᠠᠯᠳᠤᠭᠤᠯᠵᠤ᠂

︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠴᠦᠯᠯᠡᠷᠭᠡᠭᠵᠢᠯ ᠢ

ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠶᠢᠨ ᠲᠣᠭᠤᠷᠢᠨ ᠳᠤ ᠲᠤᠰᠬᠠᠶ ᠰᠡᠳᠦᠪᠲᠦ ᠬᠢᠨᠠᠯᠲᠠ

ᠲᠠᠯᠪᠢᠬᠤ ᠬᠡᠯᠪᠡᠷᠢ ᠶᠢᠨ ᠵᠥᠪᠳᠡᠯᠴᠡᠭᠡ ᠬᠢᠪᠠ᠃

1723166338488044146.jpg

    ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠬᠤᠩ ᡁᠢ ᠪᠥᠬᠦ ᠰᠢᠶᠠᠨ ᠤ

︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠴᠦᠯᠯᠡᠷᠭᠡᠭᠵᠢᠯ ᠢ

ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠭᠰᠠᠨ ᠪᠠᠶᠢᠳᠠᠯ ᠢ ᠬᠠᠷᠢᠭᠤ ᠮᠡᠳᠡᠭᠦᠯᠪᠡ᠃ ᠤᠯᠤᠰ

ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠴᠢᠩ ᠾᠧ ᠲᠤᠰᠬᠠᠶ ᠰᠡᠳᠦᠪᠲᠦ ᠬᠢᠨᠠᠯᠲᠠ ᠲᠠᠯᠪᠢᠬᠤ

ᠮᠠᠶ᠋ᠢᠭ ᠤᠨ ᠵᠥᠪᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠬᠤᠷᠠᠯ ᠳᠤ ᠣᠷᠣᠯᠴᠠᠭᠰᠠᠨ ᠡᠯ᠎ᠡ

ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠪᠣᠯᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ

ᠪᠦᠷᠢᠯᠳᠦᠬᠦᠨ ᠨᠡᠷ ᠲᠡᠰ ᠳᠠᠷᠠᠭᠠᠯᠠᠨ ᠶᠠᠷᠢᠶ᠎ᠠ ᠲᠠᠯᠪᠢᠵᠤ᠂ ᠮᠠᠨ ᠤ ᠰᠢᠶᠠᠨ ᠤ ︽ᠭᠤᠷᠪᠠᠨ ᠤᠮᠠᠷᠠᠲᠤ︾ ᠶᠢᠨ

ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ

ᠵᠠᠰᠠᠬᠤ ᠠᠵᠢᠯ ᠢ ᠴᠢᠩᠭᠠᠳᠬᠠᠬᠤ ᠲᠤᠬᠠᠢ ᠰᠠᠨᠠᠯ ᠰᠠᠨᠠᠭᠤᠯᠭ᠎ᠠ ᠳᠤᠷᠠᠳᠪᠠ᠃

    ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠺᠠᠳ᠋ᠷ ᠪᠣᠯᠤᠨ ᠥᠷᠭᠡᠨ ᠣᠯᠠᠨ

ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ

ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ

ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ

ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ

ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠲᠣᠰ ᠤᠳᠠᠭᠠᠨ ᠤ ᠭᠤᠷᠪᠠᠨ

ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠤᠯᠪᠣᠭᠠᠯᠠᠨ ᠬᠥᠳᠡᠯᠦᠯᠴᠡᠵᠦ ᠲᠤᠰᠬᠠᠶ ᠰᠡᠳᠦᠪᠲᠦ ᠬᠢᠨᠠᠯᠲᠠ

ᠲᠠᠯᠪᠢᠬᠤ ᠴᠢᠨᠠᠷᠲᠠᠶ ᠵᠥᠪᠯᠡᠯᠭᠡ ᠬᠢᠬᠦ ᠪᠠᠷ ᠠᠵᠠ ᠲᠣᠬᠢᠶᠠᠯ ᠪᠣᠯᠭᠠᠵᠤ᠂ ᠵᠥᠪᠯᠡᠯᠭᠡᠨ ᠤ ᠮᠡᠳᠡᠭᠦᠯᠦᠯᠲᠡ ᠶᠢ ᠤᠯᠠᠮ

ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠵᠥᠪᠳᠡᠯᠴᠡᠬᠦ ᠭᠦᠨᠴᠡ ᠪᠠ ᠥᠷᠭᠡᠴᠡ ᠶᠢ

ᠴᠢᠩᠭᠠᠳᠬᠠᠨ᠂ ᠵᠥᠪᠯᠡᠯᠭᠡᠨ ᠤ ᠦᠷ᠎ᠡ ᠪᠦᠲᠦᠭᠡᠯ ᠤᠨ ᠰᠠᠨᠠᠯ ᠤᠨ ᠬᠠᠷᠢᠭᠤ ᠲᠤᠰᠬᠠᠯ ᠢ ᠰᠠᠶᠢᠲᠤᠷ ᠬᠢᠵᠦ᠂

ᠵᠥᠪᠯᠡᠯᠭᠡᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠂ ᠵᠥᠪᠯᠡᠯᠭᠡᠨ ᠤ ᠦᠷ᠎ᠡ ᠪᠦᠲᠦᠭᠡᠯ ᠤᠨ

ᠬᠤᠪᠢᠷᠠᠭᠤᠯᠤᠯᠲᠠ ᠶᠢ ᠠᠬᠢᠭᠤᠯᠵᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂

ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠶᠢᠨ ᠦᠢᠯᠡᠳᠦᠯ ᠢᠶᠠᠨ

ᠦᠨᠡᠨ ᠬᠦ ᠰᠠᠶᠢᠲᠤᠷ ᠪᠠᠳᠠᠷᠠᠭᠤᠯᠵᠤ᠂ ︽ᠬᠤᠶᠠᠷ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ᠂ ︽ᠵᠢᠷᠭᠤᠭᠠᠨ

ᠢᠨᠵᠧᠨᠧᠷᠢᠩ︾ ᠢ ᠰᠠᠶᠢᠲᠤᠷ ᠨᠠᠶᠢᠳᠠᠪᠤᠷᠢᠵᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ

ᠭᠡᠵᠡᠶ᠃

    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ‌‍ᠤᠨ ᠬᠡᠯᠲᠡᠰ ᠤᠨ ᠳᠠᠷᠤᠭ᠎ᠠ᠂

ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢᠶᠠᠩ ᠵᠢᠶᠦ᠋ᠨ

ᠲᠢᠩ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠤᠯᠤᠰ ᠲᠦᠷᠦ ᠶᠢᠨ

ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠤᠨ

ᠪᠦᠷᠢᠯᠳᠦᠬᠦᠨ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠲᠤᠰᠬᠠᠢ ᠵᠥᠪᠯᠡᠯ ᠤᠨ ᠡᠷᠬᠢᠯᠡᠭᠴᠢ ᠬᠤᠷᠠᠯ ᠳᠤ

ᠣᠷᠣᠯᠴᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2