ᠬᠤᠸᠠᠳᠧ ᠰᠢᠶᠠᠨ 2024 ᠣᠨ ᠤ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/8/9

     16 ᠳ᠋ᠤᠭᠠᠷ ᠤᠳᠠᠭᠠᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠬᠦᠷᠴᠦ ᠢᠷᠡᠬᠦ

ᠲᠠᠰᠢᠷᠠᠮ ᠢᠶᠠᠷ᠂ ᠥᠷᠭᠡᠨ ᠣᠯᠠᠨ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ

ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠰᠠᠶᠢᠨ ᠰᠠᠶᠢᠬᠠᠨ ᠪᠣᠯᠪᠠᠰᠤᠷᠠᠯ ᠤᠨ

ᠳᠠᠳᠬᠠᠯ ᠢ ᠪᠤᠢ ᠪᠣᠯᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ

ᠪᠣᠯᠭᠠᠨ᠎ᠠ᠃ 8 ᠰᠠᠷ᠎ᠠ ᠶᠢᠨ 8 ᠤ ᠡᠳᠦᠷ᠂ ᠬᠤᠸᠠᠳᠧ ᠰᠢᠶᠠᠨ 2024 ᠣᠨ ᠤ ︽ᠪᠦᠬᠦ ᠠᠷᠠᠳ ᠤᠨ ᠪᠡᠶ᠎ᠡ

ᠴᠢᠭᠢᠷᠠᠭᠵᠢᠭᠤᠯᠬᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃

ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠰᠢᠨ ᠣᠷᠣᠯᠴᠠᠪᠠ᠃

1723166933253097174.png

    ᠡᠬᠢᠯᠡᠯᠲᠡ ᠶᠢᠨ ᠶᠣᠰᠣᠯᠠᠯ ᠳᠡᠭᠡᠷ᠎ᠡ᠂ ᠯᠢ ᠰᠢᠨ ᠪᠠᠶᠠᠷ ᠤᠨ ᠦᠭᠡ ᠳᠡᠭᠡᠨ ᠪᠦᠬᠦ ᠰᠢᠶᠠᠨ ᠤ ᠠᠷᠠᠳ ᠤᠯᠠᠨ

ᠰᠠᠨᠠᠭᠠᠴᠢᠯᠠᠭ᠎ᠠ ᠠᠴᠠ ᠪᠠᠨ ︽ᠭᠡᠷ ᠠᠴᠠ ᠪᠠᠨ ᠭᠠᠷᠴᠤ︾᠂ ᠡᠯ᠎ᠡ ᠵᠦᠢᠯ ᠤᠨ ᠤᠷᠤᠯᠳᠤᠭᠠᠨ ᠤ ᠠᠵᠢᠯᠯᠠᠭ᠎ᠠ ᠳᠤ

ᠢᠳᠡᠪᠬᠢᠲᠡᠢ ᠣᠷᠣᠯᠴᠠᠵᠤ᠂ ᠬᠥᠳᠡᠯᠭᠡᠭᠡᠨ ᠢ ᠳᠠᠳᠬᠠᠯ ᠪᠣᠯᠭᠠᠵᠤ᠂ ᠪᠡᠶ᠎ᠡ ᠶᠢᠨ ᠲᠠᠮᠢᠷ ᠢ ᠠᠮᠢᠳᠤᠷᠠᠯ ᠳᠤ ᠣᠷᠣᠭᠤᠯᠵᠤ᠂

ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠡᠷᠡᠭᠦᠯ ᠮᠡᠨᠳᠦ ᠶᠢ ᠣᠯᠵᠤ᠂ ᠡᠷᠡᠭᠦᠯ ᠮᠡᠨᠳᠦ ᠶᠢᠨ ᠳᠤᠮᠳᠠ ᠪᠠᠶᠠᠷ

ᠪᠠᠶᠠᠰᠤᠯ ᠢ ᠬᠦᠷᠲᠡᠭᠡᠬᠦ ᠶᠢ ᠬᠦᠰᠡᠪᠡ᠃

图片4.png

    ᠲᠣᠰ ᠤᠳᠠᠭᠠᠨ ᠤ ᠠᠵᠢᠯᠯᠠᠭ᠎ᠠ ᠨᠢ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠣᠯᠢᠮᠫᠢᠺ ᠤᠨ

ᠪᠡᠶ᠎ᠡ ᠶᠢᠨ ᠲᠠᠮᠢᠷ ᠤᠨ ᠴᠤᠭᠯᠠᠭᠠᠨ ᠢ ᠵᠡᠷᠭᠡᠪᠡᠷ ᠠᠳᠬᠤᠬᠤ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠣᠯᠠᠨ

ᠲᠦᠮᠡᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠩᠬᠠᠷᠴᠤ᠂ ᠣᠯᠢᠮᠫᠢᠺ ᠤᠨ ᠪᠡᠶ᠎ᠡ ᠶᠢᠨ ᠲᠠᠮᠢᠷ ᠤᠨ

ᠴᠤᠭᠯᠠᠭᠠᠨ ᠢ ᠳᠡᠮᠵᠢᠵᠦ᠂ ᠠᠯᠢ ᠣᠯᠠᠨ ᠡᠯᠪᠡᠭ ᠪᠠᠶᠠᠯᠢᠭ ᠠᠭᠤᠯᠭ᠎ᠠ ᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ

ᠠᠵᠢᠯᠯᠠᠭ᠎ᠠ ᠶᠢ ᠡᠷᠭᠢᠯᠡᠵᠦ᠂ ᠪᠡᠶ᠎ᠡ ᠶᠢᠨ ᠲᠠᠮᠢᠷ ᠤᠨ ᠰᠣᠶᠣᠯ ᠢ ᠤᠯᠠᠮᠵᠢᠯᠠᠨ ᠳᠡᠯᠭᠡᠷᠡᠭᠦᠯᠵᠦ᠂ ᠰᠢᠨᠵᠢᠯᠡᠬᠦ

ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠂ ᠪᠥᠬᠦ ᠠᠷᠠᠳ ᠤᠨ ᠪᠡᠶ᠎ᠡ

ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠶᠡᠬᠡᠪᠡᠷ ᠠᠬᠢᠭᠤᠯᠵᠤ᠂

ᠪᠡᠶ᠎ᠡ ᠶᠢᠨ ᠲᠠᠮᠢᠷ ᠢ ᠴᠢᠬᠤᠯᠠᠴᠢᠯᠠᠬᠤ᠂ ᠪᠡᠶ᠎ᠡ ᠶᠢᠨ ᠲᠠᠮᠢᠷ ᠢ ᠳᠡᠮᠵᠢᠬᠦ᠂ ᠪᠡᠶ᠎ᠡ ᠶᠢᠨ ᠲᠠᠮᠢᠷ ᠲᠤ ᠣᠷᠣᠯᠴᠠᠬᠤ ᠭᠦᠨ

ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠪᠥᠬᠦ ᠠᠷᠠᠳ ᠤᠨ ᠪᠡᠶ᠎ᠡ

ᠴᠢᠭᠢᠷᠠᠭᠵᠢᠭᠤᠯᠬᠤ ᠳᠤ ᠣᠷᠣᠯᠴᠠᠬᠤ ᠢᠳᠡᠪᠬᠢᠵᠢᠯ ᠢ ᠭᠦᠶ᠋ᠴᠡᠳ ᠳᠠᠶᠢᠴᠢᠯᠠᠨ᠎ᠠ᠃

图片5.png

    ︽ᠲᠡᠪᠡᠭ ᠢᠰᠬᠦᠯᠬᠦ ᠪᠣᠯ ᠨᠢᠭᠡᠨ ᠵᠦᠢᠯ ᠤᠨ ᠮᠠᠰᠢ ᠰᠠᠶᠢᠨ ᠬᠥᠳᠡᠯᠭᠡᠭᠡᠨ ᠮᠥᠨ᠂ ᠲᠡᠪᠡᠭ ᠢᠰᠬᠦᠯᠦᠭᠰᠡᠨ ᠤ

ᠳᠠᠷᠠᠭ᠎ᠠ ᠪᠡᠶ᠎ᠡ ᠴᠤ ᠰᠤᠯᠠᠷᠠᠵᠤ᠂ ᠬᠥᠯ ᠨᠢ ᠴᠦ ᠠᠮᠢᠳᠤᠯᠢᠭ ᠪᠣᠯᠵᠤ᠂ ᠠᠰᠢᠭ ᠬᠦᠷᠲᠡᠬᠦ ᠨᠢ ᠶᠡᠭᠡ ᠶᠤᠮ︾ ᠭᠡᠵᠡᠢ᠃

ᠬᠤᠧᠳᠧ ᠱᠢᠶᠠᠨ ᠶᠢᠨ ᠤᠲᠤᠭ ᠲᠡᠪᠡᠭ ᠪᠥᠮᠪᠦᠭᠡ ᠶᠢᠨ ᠺᠯᠦ᠋ᠪ ᠤᠨ ᠰᠦᠸᠧ ᠸᠤᠨ ᠬᠡᠯᠡᠪᠡ᠃

图片6.png

    ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ

ᠭᠠᠷᠭᠠᠵᠤ᠂ ᠪᠥᠵᠢᠭ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ᠂ ᠪᠡᠯᠬᠡ ᠲᠠᠢ ᠬᠡᠩᠭᠡᠷᠭᠡ᠂ ᠤᠯᠠᠮᠵᠢᠯᠠᠯᠲᠤ ᠮᠤᠷᠢᠨ

ᠪᠠᠩᠵᠠᠯ ᠤᠨ ᠦᠵᠡᠭᠦᠯᠭᠡ᠂ ᠲᠡᠪᠡᠭᠡᠷ ᠤᠨ ᠦᠵᠡᠭᠦᠯᠦᠯᠭᠡ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠲᠤᠬᠠᠶ ᠶᠢᠨ

ᠲᠠᠯᠠᠪᠠᠢ ᠶᠢᠨ ᠦᠵᠡᠭᠴᠢᠳ ᠲᠤ ᠨᠢᠭᠡ ᠤᠳᠠᠭᠠᠨ ᠤ ᠬᠠᠷᠠᠭᠠᠨ ᠤ ᠦᠪᠡᠳᠡᠭᠰᠢ ᠨᠠᠶᠢᠷ ᠢ ᠠᠪᠴᠢᠷᠠᠭᠰᠠᠨ ᠢᠶᠠᠷ ᠪᠠᠷᠠᠬᠤ

ᠦᠭᠡᠢ᠂ ᠣᠯᠠᠨ ᠤ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ

ᠬᠥᠭᠵᠢᠭᠡᠵᠡᠢ᠃

图片7.png

    ᠤᠢᠢᠷ᠎ᠠ ᠶᠢᠨ ᠵᠢᠯ ᠠᠴᠠ᠂ ᠬᠤᠸᠠᠳᠧ ᠰᠢᠶᠠᠨ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠪᠦᠬᠦ

ᠠᠷᠠᠳ ᠤᠨ ᠪᠡᠶ᠎ᠡ ᠴᠢᠭᠢᠷᠠᠭᠵᠢᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂

ᠪᠦᠬᠦ ᠠᠷᠠᠳ ᠢᠶᠠᠷ ᠢᠶᠠᠨ ᠣᠷᠣᠯᠴᠠᠬᠤ ᠪᠠᠷ ᠤᠳᠤᠷᠢᠳᠤᠮᠵᠢ ᠪᠣᠯᠭᠠᠵᠤ᠂ ᠪᠡᠶ᠎ᠡ ᠶᠢᠨ ᠲᠠᠮᠢᠷ ᠤᠨ ᠰᠠᠭᠤᠷᠢ

ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠠᠷ ᠭᠠᠷᠳᠠᠴᠠ ᠪᠣᠯᠭᠠᠵᠤ᠂ ᠠᠵᠢᠯᠯᠠᠭ᠎ᠠ ᠪᠣᠯᠤᠨ ᠲᠠᠯᠠᠪᠠᠢ ᠶᠢᠨ

ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠷ ᠬᠥᠳᠡᠯᠭᠡᠭᠦᠷ ᠪᠣᠯᠭᠠᠵᠤ᠂ ᠬᠠᠮᠲᠤᠪᠠᠷ ᠡᠳ᠋ᠯᠡᠬᠦ ᠪᠠᠷ ᠠᠳᠠᠯᠢ ᠲᠡᠭᠰᠢ

ᠪᠠᠶᠢᠬᠤ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠤᠯᠠᠨ ᠬᠠᠷᠠᠭᠠᠰᠤ᠂

ᠤᠯᠠᠨ ᠠᠷᠭ᠎ᠠ ᠵᠠᠮ᠂ ᠤᠯᠠᠨ ᠲᠡᠰ ᠳᠠᠪᠬᠤᠷᠭ᠎ᠠ ᠪᠠᠷ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯ ᠢ

ᠪᠠᠶᠠᠯᠢᠭᠵᠢᠭᠤᠯᠵᠤ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠦᠢᠯᠡᠰ ᠥᠷᠨᠢᠭᠦᠨ ᠬᠥᠭᠵᠢᠩᠭᠦᠢ ᠠᠮᠢᠵᠢᠷᠠᠯ ᠤᠨ

ᠬᠦᠴᠦᠨ ᠲᠠᠢ ᠪᠣᠯᠪᠠ᠃ ︽ᠪᠥᠬᠦ ᠲᠠᠯ᠎ᠠ ᠪᠠᠷ ᠪᠡᠶ᠎ᠡ ᠴᠢᠭᠢᠷᠠᠭᠵᠢᠭᠤᠯᠬᠤ ᠶᠢᠨ ᠠᠴᠢ ᠬᠤᠯᠪᠣᠭᠳᠠᠯ ᠨᠢ ᠤᠯᠤᠰ

ᠠᠷᠠᠳ ᠤᠨ ᠪᠡᠶ᠎ᠡ ᠮᠠᠬᠠᠪᠣᠳ ᠢ ᠳᠡᠭᠡᠭᠰᠢᠯᠡᠭᠦᠯᠵᠦ᠂ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ

ᠪᠠᠶᠢᠨ᠎ᠠ᠂ ᠪᠠᠰᠠ ᠨᠡᠶᠢᠭᠡᠮ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ ᠶᠤᠮ︾ ᠭᠡᠵᠡᠶ᠃ ᠰᠢᠶᠠᠨ ᠤ

ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠯᠢ ᠵᠢᠩ᠂ ᠪᠢᠳᠡ ᠪᠦᠬᠦ ᠠᠷᠠᠳ ᠤᠨ

ᠪᠡᠶ᠎ᠡ ᠴᠢᠭᠢᠷᠠᠭᠵᠢᠭᠤᠯᠬᠤ ᠦᠢᠯᠡᠰ ᠢ ᠶᠡᠬᠡᠪᠡᠷ ᠬᠥᠭᠵᠢᠭᠦᠯᠬᠦ ᠪᠠᠷ ᠳᠠᠮᠵᠢᠭᠤᠯᠤᠨ᠂ ᠬᠥᠮᠥᠰ ᠤᠨ ᠵᠣᠯ ᠵᠢᠷᠭᠠᠯ ᠤᠨ

ᠵᠢᠭᠠᠯᠲᠠ ᠲᠤᠭ᠎ᠠ ᠶᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠤᠨ᠎ᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2