ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠥᠷᠪᠡᠨ ᠠᠷᠭ᠎ᠠ ᠬᠡᠮᠵᠢᠶ᠎ᠡ ᠪᠠᠷ ᠨᠡᠮᠡᠭᠳᠡᠯ ᠬᠠᠰᠤᠭᠳᠠᠯ ᠢ ᠬᠤᠯᠪᠣᠬᠤ ᠲᠥᠷᠥᠯ ᠵᠦᠶ᠋ᠯ ᠤᠨ ᠠᠰᠠᠭᠤᠳᠠᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/9/13

    ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠤᠲᠠ ᠬᠥᠳᠡᠭᠡ ᠶᠢᠨ ᠪᠥᠲᠥᠭᠡᠨ

ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠶ᠋ᠯ ᠳᠤ

ᠣᠷᠣᠰᠢᠵᠤ ᠪᠠᠶᠢᠭ᠎ᠠ ᠠᠰᠠᠭᠤᠳᠠᠯ ᠢ ᠰᠢᠶ᠋ᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠭᠰᠠᠨ ᠬᠤᠭᠤᠴᠠᠭᠠᠨ

ᠳᠣᠲᠣᠷ᠎ᠠ ᠡᠨᠡ ᠵᠢᠯ ᠮᠠᠨ ᠤ ᠰᠢᠶᠠᠨ ᠳᠤ ᠪᠠᠭᠤᠯᠭᠠᠭᠰᠠᠨ ᠨᠡᠮᠡᠭᠳᠡᠯ ᠬᠠᠰᠤᠭᠳᠠᠯ ᠢ 100.06 ᠮᠥ

ᠬᠤᠯᠪᠣᠭᠳᠠᠭᠤᠯᠬᠤ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃

    ᠨᠢᠭᠡ ᠳᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ ᠡᠯ᠎ᠡ ᠰᠢᠶᠠᠩ

ᠪᠠᠯᠭᠠᠰᠤ ᠨᠢ ᠰᠢᠶᠠᠨ ᠤ ᠲᠣᠪᠴᠢᠶ᠎ᠠ ᠪᠣᠯᠤᠨ ᠬᠤᠲᠠ ᠶᠢᠨ ᠲᠣᠪᠴᠢᠶ᠎ᠠ ᠶᠢᠨ ᠱᠠᠯᠠᠪᠳᠠᠭᠤᠯᠤᠨ ᠪᠠᠶᠢᠴᠠᠭᠠᠬᠤ ᠲᠥᠷᠥᠯ

ᠵᠦᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠥᠬᠦ

ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠭᠠᠵᠠᠷ ᠳᠡᠭᠡᠷᠡᠬᠢ ᠪᠠᠷᠢᠯᠭ᠎ᠠ ᠶᠢ ᠴᠠᠭ ᠲᠤᠬᠠᠶ ᠳᠤᠨᠢ ᠨᠤᠷᠠᠭᠠᠨ᠂ ᠨᠤᠷᠠᠭᠠᠵᠤ

ᠨᠡᠭᠦᠯᠭᠡᠬᠦ ᠠᠵᠢᠯ ᠢ ᠪᠡᠶᠡᠯᠡᠭᠦᠯᠦᠭᠰᠡᠨ ᠲᠥᠷᠥᠯ ᠵᠦᠢᠯ ᠢ ᠱᠠᠯᠠᠪᠳᠠᠨ ᠬᠠᠭᠠᠯᠪᠤᠷᠢᠯᠠᠵᠤ᠂ ᠪᠦᠬᠦᠨ ᠢ ᠴᠡᠭᠴᠡᠯᠡᠨ

ᠰᠠᠶᠢᠵᠢᠷᠠᠭᠤᠯᠵᠤ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃

    ᠬᠤᠶᠠᠷ ᠲᠤ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠎ᠠ᠃ ᠭᠤᠣᠯ ᠴᠣᠭᠴᠠ ᠶᠢᠨ ᠬᠠᠷᠢᠭᠤᠴᠠᠯᠭ᠎ᠠ ᠶᠢ

ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠶᠠᠩ ᠪᠠᠯᠭᠠᠰᠤᠨ ᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ

ᠠᠳᠬᠤᠵᠤ᠂ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠪᠣᠳᠠᠲᠠᠢ ᠠᠳᠬᠤᠵᠤ᠂ ᠴᠠᠭ ᠤᠨ ᠬᠦᠰᠦᠨᠦᠭᠲᠦ ᠶᠢ

ᠵᠢᠭᠰᠠᠭᠠᠨ ᠭᠠᠷᠭᠠᠵᠤ᠂ ᠨᠠᠷᠢᠨ ᠨᠢᠮᠪᠠᠢ ᠲᠣᠬᠢᠷᠠᠭᠤᠯᠬᠤ ᠶᠢᠨ ᠬᠠᠮᠲᠤ ᠤᠯᠠᠨ ᠲᠦᠮᠡᠨ ᠤ ᠦᠵᠡᠯ ᠰᠠᠨᠠᠭᠠᠨ ᠤ ᠠᠵᠢᠯ ᠢ

ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠴᠡᠭᠴᠡᠯᠡᠨ

ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠵᠦ ᠳᠡᠶᠢᠯᠬᠦ ᠥᠬᠡᠶ ᠰᠢᠶᠠᠩ ᠪᠠᠯᠭᠠᠰᠤ ᠳᠤ᠂ ᠰᠢᠶᠠᠩ ᠪᠠᠯᠭᠠᠰᠤᠨ ᠤ

ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠠ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠲᠠᠢ

ᠪᠣᠯᠵᠣᠨ ᠶᠠᠷᠢᠯᠴᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ᠃

    ᠭᠤᠷᠪᠠ ᠳᠤ᠂ ᠠᠵᠢᠯ ᠤᠨ ᠵᠢᠯᠤᠭᠤᠳᠤᠯᠭ᠎ᠠ ᠶᠢ ᠪᠣᠳᠠᠲᠠᠶᠢᠵᠢᠭᠤᠯᠪᠠ᠃ ᠰᠢᠶᠠᠨ ᠤ ᠪᠠᠶᠢᠭᠠᠯᠢ ᠶᠢᠨ ᠡᠬᠢ

ᠪᠠᠶᠠᠯᠢᠭ ᠤᠨ ᠲᠣᠪᠴᠢᠶ᠎ᠠ ᠪᠠᠷᠢᠯᠭ᠎ᠠ ᠶᠢᠨ ᠲᠥᠰᠦᠯ᠂ ᠪᠠᠷᠢᠯᠭ᠎ᠠ ᠪᠠᠷᠢᠬᠤ ᠵᠢᠷᠤᠭ ᠲᠠᠢ ᠬᠠᠷᠢᠴᠠᠭᠤᠯᠤᠨ ᠵᠢᠯᠣᠭᠤᠳᠬᠤ

ᠠᠵᠢᠯ ᠢ ᠰᠠᠶᠢᠲᠤᠷ ᠬᠢᠵᠦ᠂ ᠨᠢᠭᠡ ᠲᠠᠯ᠎ᠠ ᠪᠠᠷ ᠪᠠᠷᠢᠯᠭ᠎ᠠ ᠪᠠᠷᠢᠬᠤ ᠶᠢ ᠪᠣᠳᠠᠲᠠᠶᠢᠵᠢᠭᠤᠯᠵᠤ᠂ ᠰᠢᠶᠠᠩ ᠪᠠᠯᠭᠠᠰᠤ ᠶᠢ

ᠢᠳᠡᠪᠬᠢᠲᠡᠶ ᠪᠠᠷ ᠬᠠᠮᠵᠢᠨ ᠨᠤᠷᠠᠭᠠᠵᠤ ᠨᠡᠭᠦᠯᠭᠡᠵᠦ ᠰᠡᠷᠭᠦᠭᠡᠬᠦ ᠡᠭᠦᠷᠭᠡ ᠶᠢ ᠪᠡᠶᠡᠯᠡᠭᠦᠯᠬᠦ ᠬᠡᠷᠡᠭᠲᠡᠶ᠃

    ᠳᠥᠷᠪᠡ ᠳᠤ᠂ ᠰᠡᠭᠦᠯᠴᠢ ᠶᠢᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡᠨᠲᠡ

ᠰᠢᠯᠭᠠᠨ ᠬᠤᠷᠢᠶᠠᠵᠤ ᠥᠩᠭᠡᠷᠡᠭᠰᠡᠨ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠢ ᠳᠠᠬᠢᠨ ᠬᠠᠭᠠᠯᠪᠤᠷᠢᠯᠠᠬᠤ᠂

ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠵᠡᠷᠭᠡ ᠲᠥᠷᠥᠯ ᠵᠦᠢᠯ ᠤᠨ

ᠣᠷᠣᠨ ᠤ ᠳᠣᠲᠣᠷ᠎ᠠ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠶᠢ ᠴᠠᠭᠠᠵᠠᠯᠠᠵᠤ᠂ ᠲᠥᠷᠥᠯ ᠵᠦᠢᠯ ᠤᠨ

ᠪᠠᠶᠢᠭ᠎ᠠ ᠰᠢᠶᠠᠩ ᠪᠠᠯᠭᠠᠰᠤ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠬᠠᠤᠯᠢ ᠠᠴᠠ

ᠵᠥᠷᠢᠴᠡᠨ ᠭᠠᠵᠠᠷ ᠡᠵᠡᠯᠡᠬᠦ ᠦᠵᠡᠭᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠣᠯᠵᠤ ᠮᠡᠳᠡᠪᠡᠯ ᠡᠷᠡᠰ ᠨᠤᠷᠠᠭᠠᠬᠤ

ᠬᠡᠷᠡᠭᠲᠡᠶ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ    

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2