ᠪᠠᠶᠠᠨᠲᠠᠯ᠎ᠠ ᠰᠢᠶᠠᠩ ᠤᠨ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ ︶ ᠤᠨ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2024/9/13

   ᠣᠶᠢᠷ᠎ᠠ ᠳᠤ᠂ ᠪᠠᠶᠠᠨᠲᠠᠯ᠎ᠠ ᠰᠢᠶᠠᠩ ᠤᠨ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠶᠢᠯᠠᠩ

︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ

ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠪᠡ᠃

ᠰᠢᠶᠠᠩ ᠤᠨ ᠨᠠᠮ ᠤᠨ ᠬᠤᠷᠢᠶᠠᠨ ᠤ ᠱᠦᠵᠢ ᠾᠧ ᠵᠢᠶᠠᠩ ᠬᠤᠷᠠᠯ ᠢ ᠡᠷᠬᠢᠯᠡᠪᠡ᠃

1725454740830020688.jpg

    ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ

ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ

ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ

ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠵᠢᠴᠢ ᠶᠡᠷᠦᠩᠬᠡᠢ ᠱᠦᠵᠢ

ᠰᠢ ᠶᠢᠨ ᠫᠢᠩ ᠤᠨ ︽ᠲᠣᠭᠲᠠᠭᠠᠯ︾ ᠤᠨ ᠲᠤᠬᠠᠢ ᠲᠣᠳᠣᠷᠬᠠᠶᠢᠯᠠᠯᠲᠠ ᠶᠢ ᠤᠯᠠᠮᠵᠢᠯᠠᠨ ᠰᠤᠷᠤᠯᠴᠠᠪᠠ᠃

    ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠩ ᠤᠨ ᠨᠠᠮ ᠤᠨ ᠭᠡᠰᠢᠭᠦᠨ ᠺᠠᠳ᠋ᠷ ᠠᠯᠪᠠᠨ ᠮᠡᠳᠡᠭᠡ᠂

ᠲᠣᠳᠣᠷᠬᠠᠶᠢᠯᠠᠯᠲᠠ ᠪᠣᠯᠤᠨ ︽ᠲᠣᠭᠲᠠᠭᠠᠯ︾ ᠢ ᠨᠠᠷᠢᠨ ᠬᠢᠨᠠᠮᠠᠭᠠᠢ ᠰᠤᠷᠤᠯᠴᠠᠵᠤ᠂ ᠨᠢᠭᠡ ᠴᠤᠬᠴᠠᠵᠢᠭᠤᠯᠤᠨ

ᠣᠶᠢᠯᠠᠭᠠᠵᠤ᠂ ᠨᠢᠭᠡ ᠴᠤᠬᠴᠠᠵᠢᠭᠤᠯᠤᠨ ᠡᠵᠡᠮᠰᠢᠵᠦ᠂ ᠦᠭᠡ ᠶᠢ ᠨᠢ ᠣᠶᠢᠯᠠᠭᠠᠬᠤ ᠶᠢ ᠨᠡᠩ ᠢᠯᠡᠭᠦᠦ ᠣᠶᠢᠯᠠᠭᠠᠵᠤ᠂

ᠲᠡᠭᠦᠨ ᠤ ᠦᠭᠡ ᠶᠢ ᠣᠶᠢᠯᠠᠭᠠᠬᠤ ᠶᠢ ᠨᠡᠩ ᠢᠯᠡᠭᠦᠦ ᠪᠡᠶᠡᠯᠡᠭᠦᠯᠬᠦ ᠬᠡᠷᠡᠭᠲᠡᠢ᠃ ᠨᠢᠭᠡ ᠳᠤ᠂ ︽ᠤᠬᠠᠭᠤᠯᠤᠨ

ᠲᠠᠶᠢᠯᠪᠤᠷᠢᠯᠠᠵᠤ ᠪᠠᠶᠢᠴᠠᠭᠠᠨ ᠰᠤᠳᠤᠯᠬᠤ︾ ᠶᠢ ᠵᠡᠷᠭᠡᠪᠡᠷ ᠠᠳᠬᠤᠵᠤ᠂ ᠭᠤᠣᠯ ᠪᠣᠯᠬᠤ ᠦᠢᠯᠡᠳᠦᠯᠭᠡ ᠶᠢᠨ

ᠰᠤᠷᠤᠯᠴᠠᠯᠭ᠎ᠠ ᠲᠠᠢ ᠤᠶᠠᠯᠳᠤᠭᠤᠯᠬᠤ ᠬᠡᠷᠡᠭᠲᠡᠢ᠃ ᠤᠳᠤᠷᠢᠳᠬᠤ ᠺᠠᠳ᠋ᠷ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂

ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠬᠤᠷᠢᠶᠠᠨ ᠤ ᠭᠡᠰᠢᠭᠦᠳ ᠦᠯᠢᠭᠡᠷ

ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ

ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠬᠡᠷᠡᠭᠲᠡᠢ᠃ ᠬᠤᠶᠠᠷ ᠲᠤ᠂ ᠪᠠᠶᠢᠩᠭᠤ ᠠᠳᠬᠤᠵᠤ᠂ ᠡᠳᠦᠷ

ᠲᠤᠲᠤᠮ ᠤᠨ ᠠᠵᠢᠯ ᠳᠠᠭᠠᠨ ᠠᠭᠤᠰᠤᠯᠴᠠᠬᠤ ᠶᠢ ᠪᠠᠷᠢᠮᠲᠠᠯᠠᠵᠤ᠂ ᠪᠠᠭ᠎ᠠ ᠬᠢᠴᠢᠶᠡᠯ ᠤᠨ ᠲᠠᠩᠬᠢᠮ᠂ ᠪᠠᠭ᠎ᠠ ᠠᠰᠠᠭᠤᠯᠲᠠ

ᠬᠠᠷᠢᠭᠤᠯᠲᠠ ᠪᠠ ᠰᠡᠳᠬᠢᠯ ᠤᠨ ᠦᠭᠡ ᠪᠠᠨ ᠰᠣᠯᠢᠯᠴᠠᠬᠤ ᠠᠵᠢᠯᠯᠠᠭ᠎ᠠ ᠪᠠᠷ ᠳᠠᠮᠵᠢᠭᠤᠯᠤᠨ᠂ ᠪᠥᠬᠦᠳᠡ ᠬᠤᠷᠠᠯ ᠤᠨ

ᠵᠣᠷᠢᠭ ᠰᠠᠨᠠᠭ᠎ᠠ ᠶᠢ ᠺᠠᠳ᠋ᠷ ᠠᠵᠢᠯᠲᠠᠨ ᠨᠢᠭᠡᠪᠦᠷᠢ ᠳᠤ ᠤᠯᠠᠮᠵᠢᠯᠠᠵᠤ᠂ ᠪᠦᠬᠦᠨ ᠢ ᠬᠠᠮᠤᠷᠤᠨ ᠣᠷᠣᠯᠴᠠᠭᠤᠯᠬᠤ ᠬᠡᠷᠡᠭᠲᠡᠶ᠃

ᠭᠤᠷᠪᠠ ᠳᠤ᠂ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠬᠤ ᠶᠢ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ

ᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ

ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠠᠵᠢᠯ ᠤᠨ ᠪᠣᠳᠠᠲᠤ

ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂

ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠢᠭᠡᠳᠦᠯᠲᠡᠢ

ᠲᠥᠯᠥᠪᠵᠢᠭᠦᠯᠦᠨ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂

ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠩ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ

ᠬᠥᠭᠵᠢᠯᠲᠡ ᠳᠤ ᠦᠢᠯᠡᠴᠢᠯᠡᠬᠦ ᠪᠣᠳᠠᠲᠤ ᠠᠵᠢᠯᠯᠠᠭ᠎ᠠ ᠪᠠᠷ ᠢᠶᠠᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠬᠤ

ᠬᠡᠷᠡᠭᠲᠡᠢ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2