ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠭᠠᠵᠠᠷ ᠰᠢᠷᠣᠶ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2024/9/14

    ᠡᠨᠡ ᠵᠢᠯ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠰᠢᠷᠣᠶ ᠶᠢᠨ

ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ

ᠴᠢᠩᠭ᠎ᠠ ᠲᠦᠷᠢᠮ ᠪᠠ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠬᠠᠮᠤᠭ ᠤᠨ ᠴᠢᠩᠭ᠎ᠠ ᠲᠦᠷᠢᠮ ᠢ ᠪᠥᠬᠦ

ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠶᠣᠰᠣᠭᠠᠷ ᠵᠠᠰᠠᠭ

ᠶᠠᠪᠤᠭᠤᠯᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠵᠢᠷᠭᠤᠭᠠᠨ ᠵᠦᠶ᠋ᠯ ᠤᠨ ᠠᠷᠭ᠎ᠠ ᠬᠡᠮᠵᠢᠶ᠎ᠡ ᠠᠪᠴᠤ

ᠭᠠᠵᠠᠷ ᠰᠢᠷᠣᠶ ᠶᠢᠨ ᠬᠠᠮᠢᠶᠠᠷᠤᠯᠲᠠ ᠶᠢᠨ ᠠᠵᠢᠯ ᠢ ᠴᠢᠩᠭ᠎ᠠ ᠠᠳᠬᠤᠪᠠ᠃

    ᠨᠢᠭᠡ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ᠃ ᠭᠠᠵᠠᠷ

ᠰᠢᠷᠣᠶ ᠶᠢ ᠬᠠᠤᠯᠢ ᠶᠣᠰᠣᠭᠠᠷ ᠵᠥᠪᠰᠢᠶᠡᠷᠡᠬᠦ᠂ ᠭᠠᠵᠠᠷ ᠰᠢᠷᠣᠶ ᠬᠡᠷᠡᠭᠯᠡᠬᠦ᠂ ᠭᠠᠵᠠᠷ ᠰᠢᠷᠣᠶ ᠶᠢ ᠬᠠᠮᠢᠶᠠᠷᠬᠤ ᠦᠵᠡᠯ

ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠯ᠎ᠡ ᠲᠠᠰᠤᠭ ᠤᠨ ᠡᠩᠨᠡᠭᠡ ᠬᠠᠤᠯᠢ ᠶᠣᠰᠣᠭᠠᠷ ᠵᠠᠰᠠᠭ ᠶᠠᠪᠤᠭᠤᠯᠵᠤ᠂ ᠡᠯ᠎ᠡ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ

ᠬᠠᠮᠵᠢᠯᠴᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠶᠢ ᠪᠡᠶᠡᠯᠡᠭᠦᠯᠦᠨ᠎ᠡ᠃

    ᠬᠤᠶᠠᠷ ᠲᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠡᠷᠡᠰ ᠬᠢᠵᠠᠭᠠᠷᠯᠠᠬᠤ ᠬᠡᠷᠡᠭᠲᠡᠶ᠃

ᠡᠯ᠎ᠡ ᠲᠥᠷᠥᠯ ᠤᠨ ᠲᠥᠯᠥᠪᠵᠢᠭᠦᠯᠭᠡ ᠳᠤ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ

ᠬᠡᠪᠴᠢᠶ᠎ᠡ ᠶᠢ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠪᠦᠲᠦᠭᠡᠨ

ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠠᠴᠠ ᠳᠠᠪᠠᠭᠤᠯᠵᠤ ᠪᠣᠯᠬᠤ ᠦᠭᠡᠶ ᠪᠥᠭᠡᠳ ᠭᠠᠵᠠᠷ ᠰᠢᠷᠣᠶ

ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ

ᠵᠠᠬᠢᠷᠤᠨ ᠬᠠᠮᠢᠶᠠᠷᠬᠤ ᠵᠠᠭᠠᠭ ᠠᠴᠠ ᠳᠠᠪᠠᠭᠤᠯᠵᠤ ᠪᠣᠯᠬᠤ ᠦᠭᠡᠶ᠃

    ᠭᠤᠷᠪᠠ ᠳᠤ ᠭᠠᠵᠠᠷ ᠰᠢᠷᠣᠶ ᠶᠢ ᠠᠷᠪᠢᠲᠠᠶ ᠪᠥᠭᠡᠳ ᠳᠣᠷᠪᠢᠯᠢᠭ ᠢᠶᠠᠷ ᠬᠡᠷᠡᠭᠯᠡᠬᠦ ᠶᠢ ᠪᠦᠬᠦ ᠲᠠᠯ᠎ᠠ ᠪᠠᠷ ᠲᠦᠯᠬᠢᠨ

ᠠᠬᠢᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ᠂ ᠠᠮᠢ ᠠᠬᠤᠶ ᠶᠢ ᠬᠠᠮᠠᠭᠠᠯᠠᠬᠤ᠂ ᠰᠢᠨ᠎ᠡ ᠪᠠᠷ ᠨᠡᠮᠡᠭᠳᠡᠭᠦᠯᠬᠦ

ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠢᠯ ᠳᠠᠷᠠᠭᠠᠯᠠᠨ ᠪᠠᠭᠠᠰᠬᠠᠬᠤ᠂ ᠭᠠᠵᠠᠷ ᠠᠷᠪᠢᠯᠠᠬᠤ ᠬᠢᠷᠢ ᠬᠡᠮᠵᠢᠶ᠎ᠡ

ᠪᠣᠯᠤᠨ ᠭᠠᠷᠤᠯᠲᠠ ᠶᠢᠨ ᠦᠷ᠎ᠡ ᠠᠰᠢᠭ ᠢ ᠵᠢᠯ ᠳᠠᠷᠠᠭᠠᠯᠠᠨ ᠳᠡᠭᠡᠭᠰᠢᠯᠡᠭᠦᠯᠬᠦ᠂ ᠬᠠᠤᠯᠢ ᠠᠴᠠ ᠵᠥᠷᠢᠴᠡᠨ ᠭᠠᠵᠠᠷ

ᠬᠡᠷᠡᠭᠯᠡᠭᠰᠡᠨ ᠪᠠᠶᠢᠳᠠᠯ ᠢ ᠦᠨᠳᠦᠰᠦᠨ ᠳᠤᠨᠢ ᠠᠷᠢᠯᠭᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠠᠮᠢ

ᠠᠬᠤᠶ ᠶᠢᠨ ᠪᠦᠲᠦᠭᠡᠨ ᠪᠠᠶᠢᠭᠤᠯᠤᠯᠲᠠ ᠰᠠᠶᠢᠨ ᠪᠠᠶᠢᠬᠤ ᠳᠥᠷᠪᠡᠨ ᠶᠡᠭᠡ ᠬᠠᠷᠠᠯᠲᠠ ᠶᠢ ᠡᠷᠡᠰ ᠪᠡᠶᠡᠯᠡᠭᠦᠯᠬᠦ ᠬᠡᠷᠡᠭᠲᠡᠶ᠃

    ᠳᠥᠷᠪᠡ ᠳᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃

︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠣᠯᠠᠨ

ᠲᠦᠮᠡᠨ ᠣᠷᠣᠯᠴᠠᠬᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ︾ ᠱᠠᠭᠠᠷᠳᠠᠯᠭ᠎ᠠ ᠶᠣᠰᠣᠭᠠᠷ᠂

ᠲᠠᠷᠢᠶᠠᠨ ᠭᠠᠵᠠᠷ ᠢ ᠬᠠᠮᠠᠭᠠᠯᠠᠬᠤ ᠶᠢ ᠨᠠᠶᠢᠳᠠᠪᠤᠷᠢᠵᠢᠭᠤᠯᠬᠤ ᠶᠢ ᠰᠢᠯᠭᠠᠨ ᠬᠢᠨᠠᠵᠤ ᠦᠨᠡᠯᠡᠬᠦ᠂ ᠠᠵᠤ ᠠᠬᠤᠶ ᠶᠢ

ᠤᠷᠮᠠᠰᠢᠭᠤᠯᠬᠤ ᠪᠠ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠵᠤ᠂ ᠶᠡᠷᠦᠩᠬᠡᠶ

ᠬᠡᠮᠵᠢᠶ᠎ᠡ ᠶᠢ ᠪᠠᠭᠠᠰᠬᠠᠬᠤ ᠥᠬᠡᠶ᠂ ᠬᠡᠷᠡᠭᠯᠡᠯᠲᠡ ᠶᠢ ᠬᠤᠪᠢᠷᠠᠭᠤᠯᠬᠤ ᠥᠬᠡᠶ᠂ ᠶᠠᠰᠤ ᠴᠢᠨᠠᠷ ᠢ ᠳᠡᠭᠡᠭᠰᠢᠯᠡᠭᠦᠯᠬᠦ ᠶᠢ

ᠦᠨᠡᠨᠬᠦ ᠪᠠᠲᠤᠯᠠᠬᠤ ᠬᠡᠷᠡᠭᠲᠡᠶ᠃

    ᠲᠠᠪᠤ ᠳᠤ ᠭᠠᠵᠠᠷ ᠰᠢᠷᠣᠢ ᠶᠢᠨ ᠡᠬᠢ ᠪᠠᠶᠠᠯᠢᠭ ᠤᠨ ᠪᠠᠶᠢᠳᠠᠯ ᠢ ᠣᠨᠣᠪᠴᠢᠲᠠᠢ ᠡᠵᠡᠮᠳᠡᠵᠦ᠂ ᠭᠠᠵᠠᠷ ᠰᠢᠷᠣᠢ ᠶᠢᠨ

ᠠᠰᠢᠭᠯᠠᠯᠲᠠ ᠶᠢᠨ ᠰᠡᠳᠬᠢᠴᠡ ᠶᠢ ᠲᠣᠳᠣᠷᠬᠠᠢ ᠪᠣᠯᠭᠠᠵᠤ᠂ ᠨᠢᠭᠡᠳᠦᠯᠲᠡᠢ ᠲᠥᠯᠥᠪᠵᠢᠭᠦᠯᠵᠦ᠂ ᠵᠣᠬᠢᠰᠲᠠᠢ

ᠪᠠᠶᠢᠷᠢᠰᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠬᠡᠷᠡᠭᠲᠡᠢ᠃

    ᠵᠢᠷᠭᠤᠭ᠎ᠠ ᠳᠤ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠶᠠᠪᠤᠳᠠᠯ ᠠᠴᠠ ᠬᠠᠷᠢᠭᠤᠴᠠᠯᠭ᠎ᠠ ᠨᠡᠬᠡᠮᠵᠢᠯᠡᠬᠦ

ᠳᠦᠷᠢᠮ ᠢ ᠴᠢᠩᠳᠠᠯᠠᠨ᠎ᠠ᠃ ᠴᠢᠬᠤᠯᠠ ᠶᠡᠭᠡ ᠨᠡᠶᠢᠲᠡᠯᠢᠭ ᠵᠢᠱᠢᠶ᠎ᠡ ᠶᠢᠨ ᠬᠠᠤᠯᠢ ᠲᠣᠭᠲᠠᠭᠠᠯ ᠠᠴᠠ ᠵᠥᠷᠢᠴᠡᠨ ᠭᠠᠵᠠᠷ

ᠬᠡᠷᠡᠭᠯᠡᠭᠰᠡᠨ ᠬᠡᠷᠡᠭ ᠢ ᠢᠯᠡ ᠪᠠᠷ ᠨᠡᠪᠲᠡᠷᠡᠭᠦᠯᠬᠦ ᠪᠠ ᠨᠡᠷ᠎ᠡ ᠵᠢᠭᠠᠵᠤ ᠰᠢᠮᠳᠠᠭᠤᠯᠤᠨ ᠰᠢᠶ᠋ᠳᠪᠦᠷᠢᠯᠡᠬᠦ ᠡᠷᠴᠢᠮ ᠢ

ᠴᠢᠩᠭᠠᠷᠠᠭᠤᠯᠤᠨ᠎ᠠ᠃ ᠠᠰᠠᠭᠤᠳᠠᠯ ᠢᠶᠠᠷ ᠲᠣᠪᠤᠶᠢᠮ᠎ᠠ ᠭᠠᠵᠠᠷ ᠣᠷᠣᠨ ᠳᠤ ᠰᠡᠷᠡᠮᠵᠢᠯᠡᠭᠦᠯᠦᠨ ᠪᠣᠯᠵᠣᠨ ᠶᠠᠷᠢᠯᠴᠠᠬᠤ᠂

ᠬᠠᠤᠯᠢ ᠬᠡᠷᠡᠭᠵᠢᠭᠦᠯᠬᠦ ᠶᠢ ᠭᠤᠤᠯᠳᠠᠯᠭ᠎ᠠ ᠲᠠᠢ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠵᠠᠷᠯᠢᠭᠳᠠᠵᠤ

ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠬᠦ ᠶᠢᠨ ᠬᠠᠮᠲᠤ ᠬᠠᠮᠢᠶ᠎ᠠ ᠪᠦᠬᠦᠢ ᠬᠥᠮᠦᠰ ᠤᠨ

ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ

ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2