ᠣᠶᠢᠷ᠎ᠠ ᠳᠤ᠂ ᠬᠤᠸᠠᠳᠧ ᠰᠢᠶᠠᠨ ᠭᠢᠨᠵᠢᠲᠦ ᠬᠠᠳᠤᠬᠤ ᠮᠠᠰᠢᠨ ᠢ ᠢᠳᠡᠪᠬᠢᠲᠡᠢ ᠲᠣᠬᠢᠷᠠᠭᠤᠯᠵᠤ᠂ ᠲᠠᠷᠢᠮᠠᠯ ᠤᠨ | ᠨᠠᠮᠤᠷ ᠤᠨ ᠬᠤᠷᠢᠶᠠᠯᠲᠠ ᠶᠢᠨ ᠠᠬᠢᠴᠠ ᠶᠢ ᠲᠦᠷᠭᠡᠳᠬᠡᠵᠦ᠂ ᠮᠥᠬᠦᠯᠢᠭ ᠪᠦᠷᠢ ᠶᠢ ᠬᠥᠮᠥᠷᠭᠡ ᠳᠤ ᠣᠷᠣᠭᠤᠯᠬᠤ ᠶᠢ | ᠪᠠᠲᠤᠯᠠᠪᠠ᠃ | | ᠡᠨᠡ ᠵᠢᠯ᠂ ᠮᠠᠨ ᠤ ᠰᠢᠶᠠᠨ ᠤ ᠲᠠᠷᠢᠮᠠᠯ ᠤᠨ ᠲᠠᠯᠠᠪᠠᠢ 89.2 ᠲᠦᠮᠡᠨ ᠮᠦ ᠬᠦᠷᠴᠡᠢ᠃ ᠪᠣᠷᠣᠭᠠᠨ ᠤ ᠤᠰᠤ | ᠡᠯᠪᠡᠭ ᠳᠡᠯᠪᠡᠭ ᠪᠣᠯᠬᠤᠷ 9 ᠰᠠᠷ᠎ᠠ ᠳᠤ ᠪᠤᠭᠤᠳᠠᠶ᠂ ᠶᠤᠤᠮᠠᠶ ᠵᠡᠷᠭᠡ ᠲᠠᠷᠢᠮᠠᠯ ᠨᠢᠭᠡᠨᠲᠡ ᠪᠥᠬᠦ ᠲᠠᠯ᠎ᠠ ᠶᠢᠨ | ᠬᠤᠷᠢᠶᠠᠯᠲᠠ ᠶᠢᠨ ᠬᠤᠭᠤᠴᠠᠭᠠᠨ ᠳᠤ ᠤᠷᠤᠭᠰᠠᠨ ᠪᠠᠶᠢᠨ᠎ᠠ᠃ ᠪᠣᠷᠣᠭᠠᠨ ᠤ ᠨᠥᠯᠥᠭᠡ ᠪᠠᠷ᠂ ᠲᠠᠷᠢᠶᠠᠨ ᠭᠠᠵᠠᠷ ᠤᠨ | ᠤᠰᠤ ᠨᠢᠭᠡᠨᠲᠡ ᠬᠠᠨᠤᠭᠰᠠᠨ ᠪᠠᠶᠢᠳᠠᠯ ᠳᠤ ᠣᠷᠣᠰᠢᠵᠤ᠂ ᠲᠤᠬᠠᠢ ᠶᠢᠨ ᠭᠠᠵᠠᠷ ᠤᠨ ᠡᠭᠡᠯᠵᠢᠯᠡᠨ ᠬᠤᠷᠢᠶᠠᠬᠤ ᠮᠠᠰᠢᠨ | ᠨᠠᠮᠤᠷ ᠤᠨ ᠬᠤᠷᠢᠶᠠᠯᠲᠠ ᠶᠢᠨ ᠠᠵᠢᠯ ᠢ ᠶᠡᠭᠡ ᠬᠡᠪᠴᠢᠶ᠎ᠡ ᠪᠠᠷ ᠥᠷᠨᠢᠭᠦᠯᠬᠦ ᠶᠢᠨ ᠠᠷᠭ᠎ᠠ ᠦᠭᠡᠢ ᠪᠣᠯᠵᠤ᠂ ᠡᠨᠡ ᠵᠢᠯ ᠤᠨ | ᠨᠠᠮᠤᠷ ᠤᠨ ᠬᠤᠷᠢᠶᠠᠯᠲᠠ ᠶᠢᠨ ᠠᠵᠢᠯ ᠥᠩᠭᠡᠷᠡᠭᠰᠡᠨ ᠵᠢᠯ ᠤᠨ ᠬᠢ ᠠᠴᠠ 10 ᠡᠳᠦᠷ ᠬᠤᠶᠢᠰᠢᠯᠠᠭᠰᠠᠨ ᠪᠠᠶᠢᠨ᠎ᠠ᠃ | ᠡᠨᠡ ᠬᠦ ᠪᠠᠶᠢᠳᠠᠯ ᠢ ᠦᠨᠳᠦᠰᠦᠯᠡᠨ᠂ ᠲᠠᠷᠢᠮᠠᠯ ᠤᠨ ᠮᠠᠭᠤᠵᠢᠷᠠᠬᠤ᠂ ᠰᠣᠶᠣᠭᠠᠯᠠᠬᠤ᠂ ᠬᠤᠷᠢᠶᠠᠯᠲᠠ ᠶᠢᠨ | ᠨᠥᠯᠥᠭᠡᠯᠡᠯ ᠢ ᠨᠥᠯᠥᠭᠡᠯᠡᠬᠦ ᠶᠢᠨ ᠲᠥᠯᠥᠭᠡ ᠶᠤᠮ᠃ ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ᠾᠧᠪᠸᠢ ᠵᠡᠷᠭᠡ ᠭᠠᠵᠠᠷ ᠠᠴᠠ | ᠭᠢᠨᠵᠢᠨ ᠬᠡᠯᠪᠡᠷᠢᠲᠦ ᠬᠠᠳᠤᠵᠤ ᠬᠤᠷᠢᠶᠠᠬᠤ ᠮᠠᠰᠢᠨ ᠲᠠᠢ ᠬᠠᠷᠢᠯᠴᠠᠵᠤ᠂ ᠲᠠᠷᠢᠮᠠᠯ ᠤᠨ ᠵᠦᠢᠯ ᠢ ᠵᠠᠪᠳᠤᠨ ᠬᠤᠷᠢᠶᠠᠬᠤ | ᠬᠤᠷᠳᠤᠴᠠ ᠶᠢ ᠲᠦᠷᠭᠡᠳᠬᠡᠪᠡ᠃ ᠭᠢᠨᠵᠢᠨ ᠬᠡᠯᠪᠡᠷᠢᠳᠤ ᠬᠠᠳᠤᠵᠤ ᠬᠤᠷᠢᠶᠠᠬᠤ ᠮᠠᠰᠢᠨ ᠪᠡᠶ᠎ᠡ ᠨᠢ ᠬᠦᠩᠭᠡᠨ᠂ | ᠭᠠᠵᠠᠷ ᠤᠨ ᠭᠠᠳᠠᠷᠭᠤ ᠲᠠᠢ ᠣᠢᠷᠠᠳᠴᠤ ᠭᠠᠵᠠᠷ ᠤᠨ ᠬᠦᠷᠦᠰᠦ ᠶᠢ ᠴᠢᠩᠭ᠎ᠠ ᠠᠳᠬᠤᠵᠤ᠂ ᠰᠢᠪᠠᠷ ᠱᠠᠯᠴᠢᠭ | ᠭᠠᠵᠠᠷ ᠲᠤ ᠠᠵᠢᠯᠯᠠᠬᠤ᠂ ᠬᠠᠳᠤᠵᠤ ᠬᠤᠷᠢᠶᠠᠬᠤ ᠳᠤ ᠲᠤᠬᠢᠷᠠᠳᠠᠭ᠃ ᠣᠳᠣᠬᠠᠨ ᠳᠤ᠂ ᠪᠥᠬᠦ ᠰᠢᠶᠠᠨ ᠢᠶᠠᠷ ᠢᠶᠠᠨ | ᠭᠢᠨᠵᠢᠲᠦ ᠬᠠᠳᠤᠵᠤ ᠬᠤᠷᠢᠶᠠᠬᠤ ᠮᠠᠰᠢᠨ 30 ᠰᠢᠯᠵᠢᠭᠦᠯᠦᠨ ᠵᠥᠭᠡᠭᠡᠪᠦᠷᠢᠯᠡᠵᠦ ᠪᠠᠶᠢᠨ᠎ᠠ᠃ ᠰᠢᠶᠠᠨ ᠤ ᠲᠠᠷᠢᠶᠠᠯᠠᠩ ᠤᠨ | ᠮᠠᠰᠢᠨ ᠤ ᠦᠢᠯᠡᠴᠢᠯᠡᠭᠡᠨ ᠤ ᠲᠥᠪ ᠨᠢ ᠮᠥᠨ ᠬᠦ ᠡᠯ᠎ᠡ ᠭᠠᠵᠠᠷ ᠤᠨ ᠭᠢᠨᠵᠢᠲᠦ ᠬᠠᠳᠤᠵᠤ ᠬᠤᠷᠢᠶᠠᠬᠤ ᠮᠠᠰᠢᠨ ᠲᠠᠢ | ᠢᠳᠡᠪᠬᠢᠲᠡᠶ ᠬᠠᠷᠢᠯᠴᠠᠵᠤ᠂ ᠲᠠᠷᠢᠶᠠᠴᠢᠳ ᠢ ᠬᠠᠪᠰᠤᠷᠤᠨ ᠨᠠᠮᠤᠷ ᠤᠨ ᠬᠤᠷᠢᠶᠠᠯᠲᠠ ᠶᠢ ᠬᠡᠪ ᠤᠨ ᠪᠠᠶᠢᠳᠠᠯ ᠢᠶᠠᠷ | ᠪᠠᠭᠤᠷᠠᠭᠤᠯᠵᠤ᠂ ᠲᠠᠷᠢᠶᠠᠴᠢᠨ ᠡᠷᠦᠬᠡ ᠶᠢᠨ ᠬᠤᠬᠢᠷᠠᠯ ᠢ ᠦᠨᠡᠨᠬᠦ ᠪᠠᠭᠤᠷᠠᠭᠤᠯᠵᠤ ᠪᠠᠶᠢᠨ᠎ᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |