ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠳ᠋ᠦᠩ ᠰᠧ ᠵᠡᠭᠡᠯᠢ ᠭᠤᠳᠤᠮᠵᠢ ᠶᠢᠨ ᠨᠠᠮ ᠵᠠᠰᠠᠭ ᠬᠤᠳᠠᠯᠳᠤᠭᠠᠨ ᠤ ᠲᠥᠯᠥᠭᠡᠯᠡᠭᠴᠢᠳ ᠤᠨ ᠪᠦᠯᠬᠦᠮ ᠬᠤᠸᠠᠳᠧ ᠰᠢᠶᠠᠨ ᠤ ᠴᠤᠤ ᠶᠠᠩ ᠪᠠᠯᠭᠠᠰᠤᠨ ᠳᠤ ᠭᠦᠨᠵᠡᠭᠡᠶᠢᠷᠡᠨ ᠠᠵᠢᠯ ᠲᠥᠷᠥᠯ ᠢᠶᠠᠷ ᠢᠶᠠᠨ ᠲᠤᠰᠠᠯᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/9/20

    9 ᠰᠠᠷ᠎ᠠ ᠶᠢᠨ 19 ᠤ ᠡᠳᠦᠷ᠂ ᠳ᠋ᠦᠩ ᠴᠧᠩ ᠲᠣᠭᠤᠷᠢᠭ ᠤᠨ ᠳ᠋ᠦᠩ ᠰᠧ ᠵᠡᠭᠡᠯᠢ ᠭᠤᠳᠤᠮᠵᠢ ᠶᠢᠨ ᠬᠡᠷᠡᠭ

ᠡᠷᠬᠢᠯᠡᠬᠦ ᠭᠠᠵᠠᠷ ᠤᠨ ᠡᠷᠬᠢᠯᠡᠭᠴᠢ ᠵᠢᠶᠠ ᠵᠧᠩ ᠨᠠᠷ ᠬᠤᠸᠠᠳᠧ ᠰᠢᠶᠠᠨ ᠤ ᠴᠤᠤᠶᠠᠩ ᠪᠠᠯᠭᠠᠰᠤᠨ ᠳᠤ ᠭᠦᠨᠵᠡᠭᠡᠶᠢᠷᠡᠨ

ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠬᠤ ᠠᠵᠢᠯ ᠥᠷᠨᠢᠭᠦᠯᠵᠡᠢ᠃

1726835423197091653.jpg

    ᠶᠠᠷᠢᠯᠴᠠᠬᠤ ᠬᠤᠷᠠᠯ ᠳᠡᠭᠡᠷ᠎ᠡ᠂ ᠴᠤᠤᠶᠠᠩ ᠪᠠᠯᠭᠠᠰᠤᠨ ᠤ ᠳᠠᠷᠤᠭ᠎ᠠ ᠶᠠᠩ ᠴᠢᠩ ᠹᠧᠩ ᠪᠦᠬᠦ ᠪᠠᠯᠭᠠᠰᠤᠨ ᠤ

ᠲᠤᠰᠠᠯᠠᠮᠵᠢ ᠬᠦᠷᠳᠡᠭᠰᠡᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠴᠤᠤᠶᠠᠩ ᠪᠠᠯᠭᠠᠰᠤ ᠤᠳᠤ ᠶᠢᠨ ᠪᠠᠶᠢᠭ᠎ᠠ

ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠳᠠᠭᠠᠨ ᠰᠠᠭᠤᠷᠢᠯᠠᠵᠤ᠂ ︽ᠨᠠᠮ ᠤᠨ ᠪᠠᠶᠢᠭᠤᠯᠤᠯᠲᠠ ᠪᠠᠷ ᠬᠦᠳᠦᠯᠦᠨ

ᠳᠠᠭᠠᠭᠤᠯᠬᠤ᠂ ᠲᠦᠷᠦ ᠶᠢᠨ ᠪᠤᠳᠤᠯᠭ᠎ᠠ ᠪᠠᠷ ᠲᠡᠳᠬᠦᠬᠦ᠂ ᠲᠦᠷᠦᠯ ᠵᠦᠢᠯ ᠢᠶᠠᠷ ᠳᠠᠶᠢᠴᠢᠯᠠᠬᠤ᠂ ᠡᠬᠢ ᠪᠠᠶᠠᠯᠢᠭ ᠢ

ᠨᠡᠶᠢᠳᠬᠡᠬᠦ᠂ ᠬᠤᠪᠢ ᠣᠷᠣᠭᠤᠯᠤᠨ ᠬᠠᠮᠲᠤᠷᠠᠯᠴᠠᠬᠤ᠂ ᠪᠦᠯᠬᠦᠮᠳᠡᠨ ᠬᠥᠭᠵᠢᠬᠦ︾ ᠬᠥᠭᠵᠢᠯᠲᠡ ᠶᠢᠨ ᠰᠢᠰᠲ᠋ᠧᠮ ᠢ

ᠢᠳᠡᠪᠬᠢᠲᠡᠢ ᠪᠠᠶᠢᠭᠤᠯᠵᠤ᠂ ︽ᠨᠠᠮ ᠤᠨ ᠡᠭᠦᠷ ᠠᠵᠤ ᠠᠬᠤᠶᠢᠯᠠᠯ ᠬᠤᠷᠰᠢᠶ᠎ᠠ ᠶᠢᠨ ᠰᠠᠭᠤᠷᠢᠨ ᠭᠠᠵᠠᠷ ᠤᠨ ᠲᠠᠷᠢᠶᠠᠴᠢᠨ

ᠡᠷᠦᠬᠡ︾ ᠶᠢᠨ ᠠᠵᠤ ᠦᠢᠯᠡᠰ ᠤᠨ ᠡᠵᠡᠩᠨᠡᠯᠲᠡ ᠶᠢᠨ ᠵᠠᠭᠪᠤᠷ ᠢ ᠴᠢᠷᠮᠠᠶᠢᠨ ᠠᠬᠢᠭᠤᠯᠵᠤ᠂ ᠲᠡᠵᠢᠭᠡᠬᠦ ᠶᠢᠨ ᠲᠥᠯᠥᠭᠡ

ᠲᠠᠷᠢᠬᠤ᠂ ᠮᠠᠯ ᠠᠵᠤ ᠠᠬᠤᠢ ᠶᠢᠨ ᠲᠥᠯᠥᠭᠡ ᠲᠠᠷᠢᠬᠤ᠂ ᠬᠠᠷᠢᠯᠴᠠᠨ ᠲᠦᠰᠢᠭᠯᠡᠭᠰᠡᠨ ᠠᠵᠤ ᠦᠢᠯᠡᠰ ᠤᠨ

ᠬᠥᠭᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠳ᠋ᠦᠩ ᠰᠧ ᠵᠡᠭᠡᠯᠢ ᠭᠤᠳᠤᠮᠵᠢ ᠶᠢ

ᠴᠤᠤᠶᠠᠩ ᠪᠠᠯᠭᠠᠰᠤᠨ ᠳᠤ ᠯᠠᠪᠳᠠᠭᠤᠨ ᠪᠠᠲᠤᠲᠠᠢ ᠬᠠᠪᠰᠤᠷᠤᠯᠭ᠎ᠠ ᠦᠵᠡᠭᠦᠯᠵᠦ᠂ ᠪᠦᠬᠦ ᠪᠠᠯᠭᠠᠰᠤᠨ ᠤ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠬᠦ ᠬᠦᠴᠦᠨ

ᠪᠣᠯᠤᠨ ᠦᠨᠡᠨ ᠪᠣᠳᠠᠲᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠪᠡ᠃

图片1.png

    ᠵᠢᠶᠠ ᠵᠧᠩ ᠵᠡᠭᠦᠨ ᠳᠥᠷᠪᠡᠳᠦᠭᠡᠷ ᠵᠡᠭᠡᠯᠢ ᠭᠤᠳᠤᠮᠵᠢ ᠵᠢᠴᠢ ᠠᠵᠢᠯ ᠲᠦᠷᠦᠯ ᠤᠨ ᠰᠢᠰᠲ᠋ᠧᠮ ᠢᠶᠠᠷ ᠢᠶᠠᠨ

ᠲᠤᠰᠠᠯᠠᠬᠤ ᠠᠵᠢᠯ ᠤᠨ ᠪᠠᠶᠢᠳᠠᠯ ᠢ ᠲᠠᠨᠢᠯᠴᠠᠭᠤᠯᠪᠠ᠃ ᠡᠭᠦᠨ ᠤ ᠬᠠᠮᠲᠤ᠂ ᠬᠤᠶᠠᠷ ᠲᠠᠯ᠎ᠠ ᠶᠢᠨ ᠰᠣᠯᠢᠯᠴᠠᠭ᠎ᠠ

ᠵᠣᠯᠭᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ

ᠥᠷᠭᠡᠳᠬᠡᠨ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ ᠶᠢ

ᠪᠡᠶᠡᠯᠡᠭᠦᠯᠵᠦ᠂ ᠬᠤᠶᠠᠷ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ

ᠬᠦᠰᠡᠵᠦ ᠪᠠᠶᠢᠨ᠎ᠠ ᠭᠡᠵᠡᠶ᠃ ᠳ᠋ᠦᠩ ᠰᠧ ᠵᠡᠭᠡᠯᠢ ᠭᠤᠳᠤᠮᠵᠢ ᠶᠢᠨ ᠬᠤᠳᠠᠯᠳᠤᠭᠠᠴᠢᠳ ᠤᠨ ᠡᠪᠯᠡᠯ ᠤᠨ ᠬᠠᠮᠲᠤᠷᠠᠭᠰᠠᠨ

ᠨᠠᠮ ᠤᠨ ᠬᠤᠷᠢᠶᠠᠨ ᠤ ᠱᠦᠵᠢ ᠵᠤᠤ ᠰᠢᠶᠤᠤ ᠬᠤ᠋ ᠠᠴᠠ ᠬᠤᠳᠠᠯᠳᠤᠭᠠᠴᠢᠳ ᠤᠨ ᠡᠪᠯᠡᠯ ᠤᠨ ᠠᠵᠢᠯ ᠲᠦᠷᠦᠯ ᠤᠨ

ᠰᠢᠰᠲ᠋ᠧᠮ ᠢᠶᠠᠷ ᠢᠶᠠᠨ ᠲᠤᠰᠠᠯᠠᠭᠰᠠᠨ ᠪᠠᠶᠢᠳᠠᠯ ᠢ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠠᠵᠢᠯ ᠲᠦᠷᠦᠯ ᠤᠨ

ᠰᠢᠰᠲ᠋ᠧᠮ ᠢᠶᠠᠷ ᠢᠶᠠᠨ ᠲᠤᠰᠠᠯᠠᠬᠤ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠬᠠᠪᠰᠤᠷᠤᠨ

ᠲᠡᠳᠬᠦᠬᠦ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠤ᠂ ᠬᠤᠶᠠᠷ ᠲᠠᠯ᠎ᠠ ᠶᠢᠨ

ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠶᠢ ᠲᠠᠯᠪᠢᠵᠠᠢ᠃

    ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ᠂ ᠵᠡᠭᠦᠨ ᠳᠥᠷᠪᠡᠳᠦᠭᠡᠷ ᠵᠡᠭᠡᠯᠢ ᠭᠤᠳᠤᠮᠵᠢ ᠶᠢᠨ ᠬᠢᠨ ᠴᠤᠤᠶᠠᠩ

ᠪᠠᠯᠭᠠᠰᠤᠨ ᠳᠤ 5 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠵᠢᠴᠢ ᠡᠳᠦᠷ ᠳᠤᠳᠤᠮ ᠤᠨ

ᠠᠮᠢᠳᠤᠷᠠᠯ ᠤᠨ ᠬᠡᠷᠡᠭᠰᠡᠯ ᠢ ᠬᠠᠨᠳᠢᠪᠯᠠᠵᠤ᠂ ᠴᠤᠤᠶᠠᠩ ᠪᠠᠯᠭᠠᠰᠤ ᠠᠴᠠ ᠳ᠋ᠦᠩ ᠰᠧ ᠵᠡᠭᠡᠯᠢ ᠭᠤᠳᠤᠮᠵᠢ ᠳᠤ ᠬᠡᠮᠡᠷᠯᠢᠭ

ᠲᠤᠭ ᠬᠦᠷᠭᠡᠪᠡ᠃

    ᠶᠠᠷᠢᠯᠴᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠳ᠋ᠦᠩ ᠰᠧ ᠵᠡᠭᠡᠯᠢ ᠭᠤᠳᠤᠮᠵᠢ ᠶᠢᠨ ᠨᠠᠮ ᠵᠠᠰᠠᠭ ᠤᠨ

ᠬᠤᠳᠠᠯᠳᠤᠭᠠᠨ ᠤ ᠲᠥᠯᠥᠭᠡᠯᠡᠭᠴᠢᠳ ᠤᠨ ᠪᠦᠯᠬᠦᠮ ᠴᠤᠤᠶᠠᠩ ᠪᠠᠯᠭᠠᠰᠤᠨ ᠤ ᠰᠠᠶᠢᠨᠪᠤᠯᠤᠩ ᠲᠣᠰᠬᠤᠨ ᠤ ᠬᠤᠸᠠ

ᠳ᠋ᠧ ᠰᠢᠶᠠᠨ ᠤ ᠳ᠋ᠧ ᠱᠠᠩ ᠨᠦᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ᠂ ᠲᠠᠷᠢᠶᠠᠯᠠᠩ ᠤᠨ

ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠨ ᠪᠣᠷᠣᠯᠠᠭᠤᠯᠬᠤ ᠲᠣᠭᠠᠴᠢᠯᠠᠭᠰᠠᠨ ᠲᠠᠪᠴᠠᠩ᠂ ᠪᠤᠯᠤᠩ ᠤᠨ

ᠸᠠᠨ ᠲᠣᠰᠬᠤᠨ ᠤ ᠡᠷᠦᠬᠡ ᠬᠤᠪᠢᠶᠠᠨ ᠠᠯᠠᠰᠢᠨ ᠬᠤᠨᠢ ᠲᠡᠵᠢᠭᠡᠨ ᠦᠷᠡᠵᠢᠭᠦᠯᠬᠦ᠂ ᠥᠪᠥᠷ ᠮᠣᠩᠭᠤᠯ ᠤᠨ ᠮᠤᠩ

ᠶᠤᠸᠠᠨ ᠶᠢᠨ ᠢᠳᠡᠰᠢᠨ ᠨᠣᠭᠤᠭ᠎ᠠ ᠶᠢᠨ ᠲᠠᠷᠢᠶᠠᠯᠠᠩ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ᠂ ᠸᠧᠢ ᠳ᠋ᠦᠩ

ᠲᠣᠰᠬᠤᠨ ᠤ ᠬᠠᠮᠲᠤᠷᠠᠭᠰᠠᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠢ ᠳᠤ ᠪᠠᠶᠢᠴᠠᠭᠠᠨ ᠰᠤᠳᠤᠯᠤᠯᠲᠠ

ᠬᠢᠵᠦ᠂ ᠠᠵᠤ ᠦᠢᠯᠡᠰ ᠤᠨ ᠡᠵᠡᠩᠨᠡᠯᠲᠡ᠂ ᠲᠣᠰᠬᠤᠨ ᠤ ᠠᠷᠠᠳ ᠤᠨ ᠣᠷᠣᠯᠭ᠎ᠠ᠂ ᠰᠠᠭᠤᠷᠢ ᠲᠥᠬᠦᠭᠡᠷᠦᠮᠵᠢ ᠶᠢᠨ

ᠪᠦᠳᠦᠭᠡᠨ ᠪᠠᠶᠢᠭᠤᠯᠤᠯᠲᠠ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ

ᠣᠶᠢᠯᠠᠭᠠᠪᠠ᠃

    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ

ᠸᠠᠩ ᠳ᠋ᠢᠶᠣᠣ ᠴᠤᠤᠶᠠᠩ ᠪᠠᠯᠭᠠᠰᠤᠨ ᠤ ᠪᠥᠬᠦ ᠪᠠᠭ ᠤᠨ ᠪᠦᠷᠢᠯᠳᠦᠭᠦᠨ᠂ ᠠᠵᠢᠯ ᠲᠥᠷᠥᠯ ᠢᠶᠠᠷ ᠢᠶᠠᠨ ᠲᠣᠰᠬᠤᠨ ᠤ

ᠰᠢᠨ ᠱᠧ ᠲᠣᠰᠬᠤᠨ᠂ ᠸᠧᠢ ᠳ᠋ᠦᠩ ᠲᠣᠰᠬᠤᠨ᠂ ᠰᠢᠨ ᠷᠦᠩ ᠲᠣᠰᠬᠤᠨ᠂ ᠡᠯ ᠳ᠋ᠤᠤ ᠭᠸᠦ ᠲᠣᠰᠬᠤᠨ ᠤ ᠨᠠᠮ ᠤᠨ

ᠡᠭᠦᠷ ᠤᠨ ᠱᠦᠵᠢ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2