9 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠠᠷᠪᠠᠨ | ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ | 33 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠠᠨᠰᠤ ᠳᠤ ᠰᠢᠨᠵᠢᠯᠡᠨ ᠪᠠᠶᠢᠴᠠᠭᠠᠬᠤ ᠳᠠᠭᠠᠨ᠂ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ | ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠡᠭᠡᠷ᠎ᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 | ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠬᠤᠶᠠᠳᠤᠭᠠᠷ ᠪᠦᠬᠦᠳᠡ | ᠬᠤᠷᠠᠯ ᠳᠡᠭᠡᠷᠡᠬᠢ ᠴᠢᠬᠤᠯᠠ ᠵᠣᠬᠢᠶᠠᠯ︾᠂ ᠠᠵᠤ ᠠᠬᠤᠢ ᠶᠢᠨ ᠠᠵᠢᠯ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ | ᠬᠦᠴᠦᠨ ᠤ ᠲᠤᠬᠠᠢ ᠴᠢᠬᠤᠯᠠ ᠥᠭᠦᠯᠡᠯᠲᠡ ᠵᠢᠴᠢ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ︽ᠵᠢᠷᠭᠤᠭᠠᠨ ᠢᠨᠵᠧᠨᠧᠷᠢᠩ︾ ᠢ ᠰᠤᠳᠤᠯᠤᠨ ᠪᠠᠶᠢᠷᠢᠯᠠᠭᠤᠯᠵᠤ᠂ ᠬᠤᠸᠠᠳᠧ ᠰᠢᠶᠠᠨ ᠤ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠬᠤ ᠲᠤᠷᠰᠢᠯᠲᠠ ᠶᠢᠨ ᠠᠵᠢᠯ ᠢ | ᠨᠠᠶᠢᠳᠠᠪᠤᠷᠢᠵᠢᠭᠤᠯᠤᠭᠰᠠᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠬᠤᠸᠠᠳᠧ ᠰᠢᠶᠠᠨ ᠤ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠬᠤ ᠲᠤᠷᠰᠢᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠷᠢᠨ ᠳᠠᠩᠰᠠ︾᠂ ︽ᠬᠤᠸᠠᠳᠧ ᠰᠢᠶᠠᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠶᠢ ᠳᠠᠭᠠᠭᠠᠴᠢᠯᠠᠨ ᠬᠤᠯᠪᠣᠭᠠᠯᠠᠬᠤ ᠲᠥᠰᠦᠯ︾᠂ ︽ᠬᠤᠸᠠᠳᠧ ᠰᠢᠶᠠᠨ ᠤ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠬᠤ ᠶᠢ ᠠᠬᠢᠭᠤᠯᠬᠤ ᠠᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ | ᠲᠥᠰᠦᠯ︾ ᠢ ᠬᠢᠨᠠᠨ ᠵᠥᠪᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠢ ᠠᠬᠤᠢ ᠶᠢᠨ ᠶᠡᠭᠡ | ᠬᠠᠮᠠᠭᠠᠯᠠᠯᠲᠠ ᠶᠡᠭᠡ ᠬᠠᠮᠵᠢᠯᠴᠠᠭᠠᠨ ᠤ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ | ᠲᠣᠭᠤᠷᠢᠨ ᠤ ᠬᠦᠷᠢᠶᠡᠨ ᠤ ᠡᠯ᠎ᠡ ᠲᠦᠷᠦᠯ ᠤᠨ ᠠᠰᠠᠭᠤᠳᠠᠯ ᠢ ᠴᠢᠩᠭ᠎ᠠ ᠪᠣᠳᠠᠲᠠᠢ ᠴᠡᠭᠴᠡᠯᠡᠨ ᠰᠠᠶᠢᠵᠢᠷᠠᠭᠤᠯᠬᠤ | ᠬᠡᠷᠡᠭᠲᠡᠢ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢᠨ | ᠲᠣᠭᠤᠷᠢᠨ ᠳᠤ ᠰᠤᠷᠭᠠᠨ ᠬᠥᠮᠦᠵᠢᠯ ᠤᠨ ᠬᠦᠷᠢᠶᠡᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠰᠠᠶᠢᠲᠤᠷ ᠪᠠᠷᠢᠮᠲᠠᠯᠠᠵᠤ᠂ | ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠠᠵᠢᠯᠯᠠᠭᠤᠯᠵᠤ᠂ ᠦᠨᠳᠦᠰᠦᠨ ᠬᠠᠤᠯᠢ ᠶᠢᠨ ᠪᠦᠲᠦᠮᠵᠢᠲᠡᠢ | ᠬᠡᠷᠡᠭᠵᠢᠭᠦᠯᠦᠭᠳᠡᠬᠦ ᠶᠢ ᠡᠷᠡᠰ ᠪᠠᠲᠤᠯᠠᠵᠤ᠂ ᠬᠠᠤᠯᠢ ᠲᠣᠭᠲᠠᠭᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠤᠯᠠᠨ ᠲᠦᠮᠡᠨ ᠲᠠᠢ ᠬᠠᠷᠢᠯᠴᠠᠬᠤ ᠲᠣᠭᠲᠠᠴᠠ ᠶᠢ ᠲᠠᠰᠤᠷᠠᠯᠳᠠ ᠦᠭᠡᠢ ᠰᠠᠭᠠᠳ ᠦᠭᠡᠢ ᠨᠡᠪᠲᠡᠷᠡᠭᠦᠯᠬᠦ | ᠬᠡᠷᠡᠭᠲᠡᠢ᠃ | ᠬᠤᠷᠠᠯ ᠠᠴᠠ᠂ ᠭᠦᠨᠵᠡᠭᠡᠢ ᠵᠠᠳᠠᠯᠵᠤ᠂ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ︽ᠵᠢᠷᠭᠤᠭᠠᠨ ᠢᠨᠵᠧᠨᠧᠷᠢᠩ︾ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ | ᠵᠦᠢᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠲᠦᠷᠭᠡᠨ ᠠᠬᠢᠭᠤᠯᠵᠤ᠂ | ᠠᠰᠠᠭᠤᠳᠠᠯ ᠤᠨ ᠳᠤᠲᠠᠭᠤᠳᠠᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠦᠨᠳᠦᠰᠦ ᠰᠤᠷᠪᠤᠯᠵᠢ ᠶᠢᠨ ᠬᠡᠮ | ᠰᠣᠭᠤᠭ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠣᠨ ᠤ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠲᠤᠭ᠎ᠠ ᠪᠦᠷᠢᠳᠬᠡᠯ ᠤᠨ | ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ | ᠴᠢᠬᠤᠯᠠ ᠴᠢᠨᠠᠷ ᠢ ᠭᠦᠶ᠋ᠴᠡᠳ ᠲᠠᠨᠢᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠡᠭ ᠢ ᠴᠢᠩᠭ᠎ᠠ ᠠᠩᠬᠠᠷᠴᠤ᠂ ᠵᠦᠶ᠋ᠯ ᠳᠠᠷᠠᠭᠠᠯᠠᠨ ᠲᠠᠩᠰᠠ ᠬᠠᠷᠭᠤᠭᠤᠯᠵᠤ ᠳ᠋ᠤᠭᠠᠷ ᠬᠠᠰᠤᠵᠤ᠂ ᠡᠯ᠎ᠡ ᠵᠦᠶ᠋ᠯ ᠤᠨ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠶ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |