ᠬᠤᠸᠠᠳᠧ ᠰᠢᠶᠠᠨ 2024 ᠣᠨ ᠤ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ︾ ᠶᠢᠨ ᠨᠠᠮᠤᠷ ᠤᠨ ᠤᠯᠠᠷᠢᠯ ᠤᠨ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2024/9/24

    ᠤᠯᠤᠰ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯᠴᠢᠨ ᠬᠡᠷᠡᠭᠯᠡᠬᠦ ᠶᠢ ᠪᠠᠲᠤᠯᠠᠬᠤ᠂

ᠬᠥᠭᠵᠢᠯᠲᠡ ᠶᠢ ᠠᠬᠢᠭᠤᠯᠬᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠨᠵᠡᠭᠡᠶ

ᠨᠠᠶᠢᠳᠠᠪᠤᠷᠢᠵᠢᠭᠤᠯᠬᠤ ᠶᠢᠨ ᠲᠥᠯᠥᠭᠡ᠂ ᠵᠡᠭᠦᠨ ᠪᠠᠷᠠᠭᠤᠨ ᠣᠷᠣᠨ ᠤ ᠬᠠᠮᠵᠢᠯᠴᠠᠨ ᠦᠷᠭᠦᠯᠵᠢᠯᠡᠬᠦ ᠬᠥᠭᠵᠢᠯᠲᠡ ᠶᠢᠨ

ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ

ᠬᠦᠴᠢᠷᠲᠡᠶ ᠬᠥᠮᠦᠰ᠂ ᠴᠡᠷᠢᠭ ᠠᠴᠠ ᠬᠠᠯᠠᠭᠳᠠᠭᠰᠠᠳ ᠵᠡᠷᠭᠡ ᠬᠠᠮᠲᠤᠯᠢᠭ ᠤᠨ ᠠᠵᠢᠯ ᠣᠯᠭᠤᠯᠲᠠ ᠶᠢᠨ

ᠦᠢᠯᠡᠴᠢᠯᠡᠭᠡ ᠶᠢ ᠨᠠᠷᠢᠯᠢᠭ ᠣᠨᠣᠴᠠᠲᠠᠶ ᠪᠠᠷ ᠳᠡᠮᠵᠢᠬᠦ ᠬᠡᠷᠡᠭᠲᠡᠢ᠃ 9 ᠰᠠᠷ᠎ᠠ ᠶᠢᠨ 23 ᠤ ᠡᠳᠦᠷ᠂ ᠬᠤᠸᠠᠳᠧ

ᠰᠢᠶᠠᠨ ᠤ 2024 ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ︾ ᠶᠢᠨ ᠨᠠᠮᠤᠷ ᠤᠨ

ᠤᠯᠠᠷᠢᠯ ᠤᠨ ᠲᠤᠰᠬᠠᠶ ᠠᠵᠢᠯᠲᠠᠨ ᠡᠯᠰᠡᠬᠦ ᠴᠤᠭᠯᠠᠭᠠᠨ ᠤ ᠡᠬᠢᠯᠡᠯᠲᠡ ᠶᠢᠨ ᠶᠣᠰᠣᠯᠠᠯ ᠵᠢᠴᠢ ᠰᠦᠯᠵᠢᠶᠡᠨ ᠭᠠᠳᠠᠨᠠᠬᠢ

ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠠᠵᠢᠯᠯᠠᠭ᠎ᠠ ᠰᠢᠶᠠᠨ ᠲᠠᠢ ᠳ᠋ᠧ ᠯᠦᠩ ᠠᠮᠢᠳᠤᠷᠠᠯ ᠤᠨ ᠲᠠᠯᠠᠪᠠᠶ ᠳᠤ

ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ

ᠳᠠᠷᠤᠭ᠎ᠠ ᠸᠠᠩ ᠵᠢᠶᠠ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠷᠧᠨ ᠶᠧ ᠠᠵᠢᠯᠲᠠᠨ ᠡᠯᠰᠡᠬᠦ ᠬᠤᠷᠠᠯ ᠳᠤ

ᠣᠷᠣᠯᠴᠠᠪᠠ᠃

1727177987312065360.jpg

    ᠸᠠᠩ ᠯᠠ ᠳ᠋ᠢᠩ ᠠᠵᠢᠯᠲᠠᠨ ᠡᠯᠰᠡᠬᠦ ᠬᠤᠷᠠᠯ ᠳᠡᠭᠡᠷ᠎ᠡ᠂ ᠣᠯᠠᠨ ᠵᠢᠯ ᠤᠨ ᠲᠤᠷᠰᠢ᠂ ᠬᠤᠸᠠᠳᠧ ᠰᠢᠶᠠᠨ ᠤᠯᠤᠰ᠂

ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ ᠢ

ᠪᠠᠲᠤᠯᠠᠬᠤ ᠲᠤᠬᠠᠶ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂

ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠵᠠᠬ᠎ᠠ ᠳᠡᠯᠭᠡᠭᠦᠷ ᠢᠶᠠᠷ ᠠᠵᠢᠯ ᠣᠯᠭᠤᠯᠲᠠ ᠶᠢ

ᠲᠣᠬᠢᠷᠠᠭᠤᠯᠬᠤ᠂ ᠵᠠᠰᠠᠭ ᠤᠨ ᠣᠷᠳᠣᠨ ᠠᠴᠠ ᠠᠵᠢᠯ ᠣᠯᠭᠤᠯᠲᠠ ᠶᠢ ᠠᠬᠢᠭᠤᠯᠬᠤ ᠵᠢᠯᠣᠭᠤᠳᠬᠤ ᠦᠵᠡᠯ ᠰᠠᠨᠠᠭ᠎ᠠ ᠶᠢ

ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠠᠷᠭ᠎ᠠ ᠵᠠᠮ ᠢ

ᠥᠷᠭᠡᠳᠬᠡᠵᠦ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠪᠤᠷᠢᠵᠢᠭᠤᠯᠵᠤ᠂ ᠨᠡᠶᠢᠭᠡᠮ ᠤᠨ ᠠᠵᠤ ᠠᠬᠤᠶ ᠶᠢᠨ

ᠡᠷᠡᠭᠦᠯ ᠢᠶᠠᠷ ᠬᠥᠭᠵᠢᠬᠦ ᠶᠢ ᠬᠦᠴᠦᠲᠡᠶ ᠠᠬᠢᠭᠤᠯᠪᠠ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠪᠣᠯ

ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠪᠣᠯᠤᠨ ᠬᠤᠸᠠᠳᠧ ᠰᠢᠶᠠᠨ ᠬᠤᠶᠠᠷ ᠭᠠᠵᠠᠷ ᠤᠨ ᠠᠵᠢᠯ

ᠣᠯᠭᠤᠯᠲᠠ ᠶᠢ ᠬᠥᠲᠥᠯᠦᠨ ᠵᠢᠯᠣᠭᠤᠳᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠠᠵᠢᠯ

ᠣᠯᠭᠤᠯᠲᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠮᠠᠨ ᠤ ᠰᠢᠶᠠᠨ ᠤ ᠡᠯ᠎ᠡ ᠲᠥᠷᠥᠯ ᠤᠨ ᠠᠵᠢᠯ

ᠡᠷᠢᠭᠰᠡᠳ ᠢ ᠰᠢᠯᠵᠢᠭᠦᠯᠦᠨ ᠠᠵᠢᠯ ᠣᠯᠭᠤᠬᠤ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂

ᠠᠵᠢᠯᠴᠢᠨ ᠬᠡᠷᠡᠭᠯᠡᠬᠦ ᠠᠵᠤ ᠠᠬᠤᠶᠢᠯᠠᠯ ᠪᠠ ᠠᠵᠢᠯ ᠡᠷᠢᠭᠰᠡᠳ ᠡᠨᠡ ᠬᠦ ᠲᠠᠪᠴᠠᠩ ᠢ ᠰᠠᠶᠢᠲᠤᠷ ᠠᠰᠢᠭᠯᠠᠵᠤ᠂

ᠬᠠᠨᠤᠮᠵᠢᠲᠠᠶ ᠠᠵᠢᠯᠲᠠᠨ ᠪᠠ ᠲᠣᠬᠢᠷᠠᠮᠵᠢᠲᠠᠶ ᠠᠵᠢᠯ ᠤᠨ ᠪᠠᠶᠢᠷᠢ ᠤᠯᠬᠤ ᠶᠢ ᠬᠦᠰᠡᠵᠦ ᠪᠠᠶᠢᠨ᠎ᠠ᠃

图片2.png

    ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ᠂

ᠬᠤᠸᠠᠳᠧ ᠰᠢᠶᠠᠨ ᠵᠡᠷᠭᠡ 25 ᠰᠢᠯᠢᠳᠡᠭ ᠠᠵᠤ ᠠᠬᠤᠶᠢᠯᠠᠯ ᠢ ᠴᠤᠭᠯᠠᠭᠤᠯᠵᠤ᠂ ᠠᠳᠠᠯᠢ ᠪᠤᠰᠤ ᠠᠵᠢᠯ ᠲᠥᠷᠥᠯ ᠤᠨ

ᠬᠦᠷᠢᠶ᠎ᠡ ᠶᠢ ᠬᠠᠮᠤᠷᠴᠤ᠂ 72 ᠠᠵᠢᠯ ᠤᠨ ᠪᠠᠶᠢᠷᠢ ᠬᠠᠩᠭᠠᠵᠤ᠂ 560 ᠭᠠᠷᠤᠶ ᠬᠥᠮᠦᠨ ᠡᠯᠰᠡᠵᠡᠶ᠃ ᠠᠵᠢᠯ

ᠡᠷᠢᠭᠰᠡᠳ ᠲᠤ ᠪᠠᠶᠠᠯᠢᠭ ᠣᠯᠠᠨ ᠠᠵᠢᠯ ᠤᠨ ᠪᠠᠢᠷᠢ ᠶᠢᠨ ᠰᠣᠩᠭᠤᠯᠲᠠ ᠬᠠᠩᠬᠠᠵᠠᠢ᠃ ᠠᠵᠢᠯᠲᠠᠨ ᠡᠯᠰᠡᠬᠦ

ᠲᠤᠬᠠᠶ ᠶᠢᠨ ᠲᠠᠯᠠᠪᠤᠷ ᠲᠤ᠂ ᠠᠵᠢᠯᠲᠠᠨ ᠡᠯᠰᠡᠬᠦ ᠠᠵᠤ ᠠᠬᠤᠶᠢᠯᠠᠯ ᠨᠢ ᠠᠵᠤ ᠠᠬᠤᠶᠢᠯᠠᠯ ᠤᠨ ᠲᠣᠪᠴᠢ

ᠲᠠᠨᠢᠯᠴᠠᠭᠤᠯᠭ᠎ᠠ᠂ ᠠᠵᠢᠯᠲᠠᠨ ᠡᠯᠰᠡᠬᠦ ᠠᠵᠢᠯ ᠤᠨ ᠪᠠᠶᠢᠷᠢ᠂ ᠠᠵᠢᠯᠲᠠᠨ ᠡᠯᠰᠡᠬᠦ ᠨᠥᠬᠦᠴᠡᠯ ᠵᠢᠴᠢ ᠴᠠᠯᠢᠩ ᠣᠯᠭᠤᠮᠵᠢ

ᠵᠡᠷᠭᠡ ᠦᠵᠡᠭᠦᠯᠭᠡ ᠶᠢᠨ ᠰᠠᠮᠪᠠᠷ᠎ᠠ ᠭᠠᠷᠭᠠᠵᠤ᠂ ᠠᠵᠢᠯ ᠡᠷᠢᠭᠰᠡᠳ ᠤᠨ ᠯᠠᠪᠯᠠᠯᠲᠠ ᠰᠣᠩᠭᠤᠯᠲᠠ ᠬᠢᠬᠦ ᠳᠤ ᠲᠥᠬᠦᠮ

ᠦᠵᠡᠭᠦᠯᠦᠭᠰᠡᠨ ᠪᠠᠶᠢᠨ᠎ᠠ᠃ ᠠᠵᠢᠯ ᠡᠷᠢᠭᠰᠡᠳ ᠨᠢᠭᠡᠳ ᠨᠢᠭᠡ ᠪᠠᠷ ᠠᠵᠢᠯᠲᠠᠨ ᠡᠯᠰᠡᠬᠦ ᠮᠡᠳᠡᠭᠡ ᠵᠠᠩᠭᠢ ᠶᠢ ᠦᠵᠡᠵᠦ᠂

ᠥᠪᠡᠷ ᠤᠨ ᠪᠡᠶ᠎ᠡ ᠳᠡᠭᠡᠨ ᠲᠣᠬᠢᠷᠠᠬᠤ ᠠᠵᠢᠯ ᠤᠨ ᠪᠠᠶᠢᠷᠢ ᠶᠢ ᠠᠰᠠᠭᠤᠨ ᠣᠶᠢᠯᠠᠭᠠᠬᠤ ᠶᠢᠨ ᠬᠠᠮᠲᠤ ᠠᠵᠤ

ᠠᠬᠤᠶᠢᠯᠠᠯ ᠤᠨ ᠠᠵᠢᠯᠲᠠᠳ ᠲᠠᠢ ᠨᠠᠷᠢᠨ ᠨᠢᠭᠲᠠ ᠠᠰᠠᠭᠤᠨ ᠯᠠᠪᠯᠠᠵᠤ᠂ ᠲᠤᠬᠠᠢ ᠶᠢᠨ ᠲᠠᠯᠠᠪᠤᠷ ᠲᠤ ᠠᠵᠢᠯ ᠡᠷᠢᠬᠦ

ᠰᠠᠨᠠᠮᠵᠢ ᠶᠢᠨ ᠬᠦᠰᠦᠨᠦᠭᠲᠦ ᠶᠢ ᠲᠠᠭᠯᠠᠪᠠ᠃ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠣᠯᠤᠨ ᠠᠵᠢᠯ ᠡᠷᠢᠭᠰᠡᠳ ᠤᠨ

ᠬᠠᠯᠠᠭᠤᠨ ᠰᠡᠳᠬᠢᠯᠭᠡ ᠣᠷᠭᠢᠯᠵᠤ᠂ ᠬᠥᠮᠦᠨ ᠬᠡᠷᠡᠭᠯᠡᠬᠦ ᠡᠯ᠎ᠡ ᠨᠢᠭᠡᠴᠡ ᠭᠠᠪᠢᠶ᠎ᠠ ᠶᠢ ᠬᠠᠶᠠᠵᠤ᠂ ᠥᠪᠡᠷ ᠤᠨ ᠭᠡᠷ ᠤᠨ

︽ᠠᠯᠲᠠᠨ ᠦᠰᠦᠭᠲᠦ ᠫᠠᠶᠢᠰᠠ︾ ᠪᠠᠨ ᠢᠯᠡᠷᠡᠭᠦᠯᠵᠦ᠂ ᠴᠢᠩ ᠦᠨᠡᠨᠴᠢ ᠪᠠᠷ ᠴᠢᠳᠠᠪᠤᠷᠢᠲᠠᠨ ᠢ ᠦᠯᠡᠳᠡᠭᠡᠵᠦ᠂ 300

ᠭᠠᠷᠤᠶ ᠠᠵᠢᠯ ᠡᠷᠢᠭᠰᠡᠳ ᠤᠨ ᠠᠩᠬᠠᠷᠤᠯ ᠢ ᠲᠠᠲᠠᠵᠠᠶ᠃ ᠲᠤᠬᠠᠶ ᠶᠢᠨ ᠲᠠᠯᠠᠪᠠᠶ ᠳᠤ ᠡᠯ᠎ᠡ ᠲᠥᠷᠥᠯ ᠤᠨ

ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠶ ᠬᠤᠪᠢ ᠲᠠᠷᠬᠠᠭᠠᠵᠤ᠂ ᠠᠩᠬ᠎ᠠ ᠠᠯᠬᠤᠮ ᠤᠨ ᠠᠵᠢᠯ ᠤᠯᠬᠤ

ᠰᠠᠨᠠᠮᠵᠢ ᠲᠠᠢ 86 ᠬᠥᠮᠦᠨ ᠪᠣᠯᠪᠠ᠃

图片3.png

    ︽ᠪᠢ ᠣᠯᠠᠨ ᠨᠡᠶᠢᠲᠡ ᠶᠢᠨ ᠲᠠᠪᠴᠠᠩ ᠳᠡᠭᠡᠷ᠎ᠡ ᠡᠨᠡ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠣᠯᠵᠤ

ᠦᠵᠡᠪᠡ᠂ ᠥᠪᠡᠷ ᠤᠨ ᠠᠵᠢᠯ ᠤᠨ ᠪᠠᠶᠢᠷᠢ ᠪᠠᠶᠢᠬᠤ ᠡᠰᠡᠬᠦ ᠪᠠᠨ ᠦᠵᠡᠬᠦ ᠪᠠᠷ ᠢᠷᠡᠪᠡ᠂ ᠡᠨᠡ ᠨᠢ ᠨᠢᠭᠡ ᠲᠣᠭᠤᠷᠢᠭ

ᠦᠵᠡᠭᠰᠡᠨ ᠤ ᠳᠠᠷᠠᠭ᠎ᠠ ᠥᠪᠡᠷ ᠤᠨ ᠰᠡᠳᠬᠢᠯ ᠤᠨ ᠠᠵᠢᠯ ᠤᠨ ᠪᠠᠶᠢᠷᠢ ᠪᠠᠨ ᠣᠯᠵᠤ᠂ ᠥᠪᠡᠷ ᠤᠨ ᠬᠦᠰᠡᠯ

ᠡᠷᠡᠮᠡᠯᠵᠡᠯ ᠢᠶᠠᠨ ᠲᠠᠭᠯᠠᠵᠤ᠂ ᠤᠷᠢᠵᠤ ᠡᠯᠰᠡᠬᠦ ᠶᠢ ᠬᠦᠰᠡᠵᠦ ᠪᠠᠶᠢᠨ᠎ᠠ᠂ ᠮᠠᠨ ᠤ ᠡᠨᠡ ᠲᠠᠪᠴᠠᠩ ᠳᠤ ᠮᠠᠰᠢ ᠲᠠᠯᠠᠷᠬᠠᠵᠤ

ᠪᠠᠶᠢᠨ᠎ᠠ︾ ᠭᠡᠵᠦ ᠬᠡᠯᠡᠪᠡ᠃ ᠠᠵᠢᠯ ᠡᠷᠢᠭᠴᠢ ᠵᠠᠩ ᠨᠠ ᠬᠡᠯᠡᠪᠡ᠃

    ᠡᠭᠦᠨ ᠤ ᠬᠠᠮᠲᠤ᠂ ᠠᠵᠢᠯ ᠣᠯᠭᠤᠬᠤ ᠦᠢᠯᠡᠴᠢᠯᠡᠭᠡᠨ ᠤ ᠲᠥᠪ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ

ᠪᠠᠰᠠ ᠠᠵᠢᠯ ᠣᠯᠵᠤ ᠠᠳᠠᠯ ᠦᠢᠯᠡᠰ ᠴᠣᠭᠴᠠᠯᠠᠬᠤ ᠪᠠ ᠴᠡᠷᠢᠭ ᠠᠴᠠ ᠬᠠᠯᠠᠭᠳᠠᠭᠰᠠᠳ ᠲᠤ ᠠᠵᠢᠯ ᠣᠯᠭᠤᠬᠤ

ᠦᠢᠯᠡᠴᠢᠯᠡᠭᠡᠨ ᠤ ᠲᠤᠰᠬᠠᠶ ᠲᠣᠭᠤᠷᠢᠭ ᠭᠠᠷᠭᠠᠵᠤ᠂ ᠠᠵᠢᠯ ᠡᠷᠢᠭᠰᠡᠳ ᠲᠤ ᠠᠵᠢᠯ ᠣᠯᠵᠤ ᠠᠳᠠᠯ ᠦᠢᠯᠡᠰ

ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠵᠢᠯ ᠮᠡᠷᠭᠡᠵᠢᠯ ᠤᠨ

ᠵᠢᠯᠣᠭᠤᠳᠣᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠡᠷᠢᠬᠦ ᠳᠡᠩᠰᠡᠯᠡᠯᠲᠡ ᠵᠡᠷᠭᠡ ᠠᠵᠢᠯ ᠣᠯᠵᠤ

ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠪᠠ᠃

    ᠳᠠᠷᠠᠭᠠᠴᠢ ᠶᠢᠨ ᠠᠯᠬᠤᠮ ᠳᠤ᠂ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤᠬᠠᠶᠢᠯᠠᠭᠰᠠᠨ

ᠠᠵᠢᠯ ᠳᠠᠭᠠᠨ ᠰᠠᠭᠤᠷᠢᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠠᠬᠢᠭᠤᠯᠬᠤ

ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠠᠵᠢᠯ ᠤᠨ

ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ

ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂

ᠠᠵᠤ ᠠᠬᠤᠶᠢᠯᠠᠯ ᠤᠨ ᠬᠥᠳᠡᠯᠮᠦᠷᠢ ᠬᠦᠴᠦᠨ ᠬᠡᠷᠡᠭᠯᠡᠬᠦ ᠪᠠ ᠰᠢᠶᠠᠨ ᠤ ᠬᠡᠪᠴᠢᠶᠡᠨ ᠤ ᠠᠵᠤ ᠦᠢᠯᠡᠰ ᠤᠨ

ᠬᠥᠭᠵᠢᠯᠲᠡ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠳᠡᠮᠵᠢᠯᠭᠡ ᠬᠠᠩᠭᠠᠨ᠎ᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2