ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠬᠤᠸᠠᠳᠧ ᠰᠢᠶᠠᠨ ᠳᠤ ᠲᠥᠪᠯᠡᠷᠡᠭᠦᠯᠦᠨ ᠪᠠᠶᠢᠴᠠᠭᠠᠨ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/24
    9 ᠰᠠᠷ᠎ᠠ ᠶᠢᠨ 24 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠩ ᠵᠠᠨ ᠫᠢᠩ᠂ ᠹᠦ᠋ ᠬᠠᠶ ᠴᠢᠩ ᠳᠤᠭᠤᠶᠢᠯᠠᠩ ᠳᠠᠭᠠᠭᠤᠯᠤᠨ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠠᠨ ᠤ ᠰᠢᠶᠠᠨ ᠳᠤ ᠭᠦᠨᠵᠡᠭᠡᠶᠢᠷᠡᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠤᠨ ᠲᠤᠬᠠᠶ ᠲᠥᠪᠯᠡᠷᠡᠭᠦᠯᠦᠨ ᠪᠠᠶᠢᠴᠠᠭᠠᠨ ᠦᠵᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠳ᠋ᠢᠶᠣᠣ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠩ ᠵᠧᠦ ᠴᠢ ᠬᠠᠮᠲᠤ ᠰᠢᠨᠵᠢᠯᠡᠨ ᠪᠠᠶᠢᠴᠠᠭᠠᠪᠠ᠃

1727178801788020681.jpg

    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠡᠯᠡᠰᠦ ᠶᠢ ᠰᠡᠷᠭᠡᠶᠢᠯᠡᠵᠦ ᠡᠯᠡᠰᠦ ᠶᠢ

ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠲᠥᠷᠥᠯ ᠵᠦᠢᠯ ᠤᠨ

ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠰᠢᠶᠠᠨ ᠤ

ᠠᠷᠠᠳ ᠤᠨ ᠡᠮᠨᠡᠯᠭᠡ ᠶᠢᠨ ᠬᠤᠷᠢᠶ᠎ᠠ᠂ ᠳᠡᠪᠡᠭᠡᠲᠤ ᠲᠣᠰᠬᠤᠨ᠂ ᠮᠧᠩ ᠰᠢᠨ ᠮᠠᠯ ᠠᠵᠤ ᠠᠬᠤᠶ ᠶᠢᠨ ᠬᠢᠵᠠᠭᠠᠷᠲᠤ

ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠤᠸᠠ ᠴᠧᠨ ᠳᠠᠬᠢᠯᠲᠠ ᠡᠬᠢ ᠪᠠᠶᠠᠯᠢᠭ ᠤᠨ ᠰᠢᠨᠵᠢᠯᠡᠬᠦ

ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠲᠤᠬᠠᠶ ᠶᠢᠨ ᠲᠠᠯᠠᠪᠠᠶ ᠳᠤ ᠪᠠᠶᠢᠴᠠᠭᠠᠨ

ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ

ᠳᠠᠮᠵᠢᠭᠤᠯᠤᠨ᠂ ᠮᠠᠨ ᠤ ᠰᠢᠶᠠᠨ ᠤ ᠰᠤᠷᠭᠠᠨ ᠬᠥᠮᠦᠵᠢᠯ ᠪᠠ ᠡᠮᠴᠢᠯᠡᠭᠡᠨ ᠤ ︽ᠪᠦᠯᠬᠦᠮ ᠪᠠᠶᠢᠭᠤᠯᠬᠤ ᠮᠠᠶ᠋ᠢᠭ︾ ᠤᠨ

ᠬᠠᠪᠰᠤᠷᠤᠨ ᠲᠡᠳᠬᠦᠬᠦ ᠠᠵᠢᠯ ᠤᠨ ᠨᠠᠶᠢᠳᠠᠪᠤᠷᠢᠵᠢᠭᠤᠯᠤᠯᠲᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ

ᠪᠠᠶᠢᠭᠤᠯᠤᠯᠲᠠ ᠶᠢᠨ ᠠᠬᠢᠴᠠ᠂ ᠺᠣᠮᠫᠠᠨᠢ ᠶᠢᠨ ᠡᠵᠡᠩᠨᠡᠯᠲᠡ ᠵᠢᠴᠢ ᠠᠵᠤ ᠠᠬᠤᠶᠢᠯᠠᠯ ᠤᠨ ᠠᠯᠠᠰᠢᠨ ᠬᠤᠨᠢᠨ ᠤ

ᠡᠭᠦᠯᠳᠡᠷ ᠢ ᠰᠠᠶᠢᠵᠢᠷᠠᠭᠤᠯᠬᠤ᠂ ᠡᠭᠦᠯᠳᠡᠷ ᠪᠤᠶᠢᠵᠢᠭᠤᠯᠵᠤ ᠥᠷᠭᠡᠳᠬᠡᠬᠦ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ

ᠵᠡᠷᠭᠡ ᠪᠠᠶᠢᠳᠠᠯ ᠢ ᠨᠠᠷᠢᠨ ᠣᠶᠢᠯᠠᠭᠠᠪᠠ᠃

图片4.png

    ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠᠷ ᠳᠠᠮᠵᠢᠨ᠂ ᠲᠥᠯᠥᠭᠡᠯᠡᠭᠴᠢᠳ ᠮᠠᠨ ᠤ ᠰᠢᠶᠠᠨ ᠤ ᠠᠵᠤ

ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠡᠯ᠎ᠡ ᠵᠦᠶ᠋ᠯ ᠤᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ

ᠭᠦᠶ᠋ᠴᠡᠳ ᠨᠤᠲᠠᠯᠠᠭᠰᠠᠨ ᠪᠥᠭᠡᠳ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ

ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠭᠦᠨᠵᠡᠭᠡᠶ ᠰᠤᠳᠤᠯᠤᠨ ᠶᠠᠷᠢᠯᠴᠠᠵᠤ᠂ ᠦᠨᠡᠨ ᠬᠦ ᠬᠡᠷᠡᠭᠵᠢᠭᠦᠯᠵᠦ

ᠪᠣᠯᠬᠤᠶᠢᠴᠠ ᠰᠠᠨᠠᠯ ᠰᠠᠨᠠᠭᠤᠯᠭ᠎ᠠ ᠳᠤᠷᠠᠳᠴᠠᠶ᠃ ᠡᠭᠦᠨ ᠤ ᠬᠠᠮᠲᠤ ᠰᠢᠨᠵᠢᠯᠡᠨ ᠪᠠᠶᠢᠴᠠᠭᠠᠬᠤ ᠳᠤᠭᠤᠶᠢᠯᠠᠩ

ᠢᠯᠡᠷᠬᠡᠶᠢᠯᠡᠭᠰᠡᠨ ᠨᠢ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂

ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠰᠡᠳᠬᠢᠴᠡ ᠪᠣᠯᠤᠨ ᠠᠷᠭ᠎ᠠ ᠶᠢᠨ ᠰᠢᠨ᠎ᠡ ᠶᠢ ᠡᠭᠦᠳᠴᠦ᠂

ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠢᠯᠡᠭᠦᠬᠡᠨ ᠰᠠᠶᠢᠨ ᠰᠠᠨᠠᠯ

ᠰᠠᠨᠠᠭᠤᠯᠭ᠎ᠠ ᠳᠤᠷᠠᠳᠴᠤ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ

ᠴᠢᠳᠠᠪᠬᠢ ᠶᠢᠨ ᠦᠢᠯᠡᠳᠦᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠪᠠᠳᠠᠷᠠᠭᠤᠯᠵᠤ᠂ ᠪᠦᠬᠦ ᠬᠤᠳᠠ ᠶᠢᠨ ᠠᠵᠤ

ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2