ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠴᠢᠳᠠᠪᠤᠷᠢ ᠶᠢᠨ ᠪᠠᠶᠢᠭᠤᠯᠤᠯᠲᠠ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠥᠪ ᠬᠤᠸᠠᠳᠧ ᠰᠢᠶᠠᠨ ᠳᠤ ᠬᠦᠷᠴᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/24

    9 ᠰᠠᠷ᠎ᠠ ᠶᠢᠨ 6 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠴᠢᠳᠠᠪᠤᠷᠢ ᠶᠢᠨ

ᠪᠠᠶᠢᠭᠤᠯᠤᠯᠲᠠ ᠪᠣᠯᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠥᠪ᠂ ᠪᠡᠭᠡᠵᠢᠩ ᠬᠤᠳᠠ ᠶᠢᠨ ᠳ᠋ᠦᠩ ᠴᠧᠩ

ᠲᠣᠭᠤᠷᠢᠭ ᠤᠨ ᠲᠤᠰᠠᠯᠠᠨ ᠲᠣᠮᠢᠯᠠᠭᠰᠠᠨ ᠪᠦᠯᠬᠦᠮ᠂ ᠬᠤᠸᠠᠳᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ

ᠬᠠᠮᠲᠤᠷᠠᠨ ︽ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ ᠨᠠᠮ ᠤᠨ ᠰᠠᠬᠢᠯᠭ᠎ᠠ ᠪᠠᠲᠤ ᠶᠢᠨ

ᠦᠵᠡᠯᠲᠡ ᠪᠠᠨ ᠴᠢᠩᠭᠠᠳᠬᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠵᠠᠰᠠᠭ ᠤᠨ

ᠣᠷᠳᠣᠨ ᠤ ᠳᠡᠳ᠋ ᠰᠢᠶᠠᠨ ᠤ ᠳᠠᠷᠤᠭ᠎ᠠ ᠰᠢᠶᠤᠤ ᠵᠧᠨ ᠢᠦᠢ ᠵᠢᠴᠢ ᠬᠤᠶᠠᠷ ᠭᠠᠵᠠᠷ ᠤᠨ ᠬᠤᠯᠪᠣᠭᠳᠠᠯ ᠪᠦᠬᠦᠢ ᠨᠢᠭᠡᠴᠡ ᠶᠢᠨ

ᠬᠠᠷᠢᠭᠤᠴᠠᠯᠭᠠᠲᠠᠨ ᠴᠥᠮ ᠬᠤᠷᠠᠯ ᠳᠤ ᠣᠷᠣᠯᠴᠠᠪᠠ᠃

1726039058948028139.jpg

    ᠲᠣᠭᠤᠷᠢᠨ ᠦᠵᠡᠬᠦ ᠶᠠᠪᠤᠴᠠ ᠳᠤ᠂ ᠨᠠᠮ ᠤᠨ ᠭᠡᠰᠢᠭᠦᠨ ᠺᠠᠳ᠋ᠷᠴᠤᠳ ᠲᠠᠶᠢᠯᠤᠮᠵᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ

ᠰᠣᠨᠣᠰᠴᠤ᠂ ᠭᠡᠷᠡᠯ ᠵᠢᠷᠤᠭ ᠤᠨ ᠮᠠᠲ᠋ᠧᠷᠢᠶᠠᠯ᠂ ᠪᠣᠳᠠᠲᠤ ᠪᠣᠳᠠᠰ ᠤᠨ ᠦᠵᠡᠭᠦᠯᠭᠡ ᠶᠢ ᠦᠵᠡᠵᠦ᠂ ᠨᠠᠮ ᠤᠨ ᠥᠪᠡᠷ ᠤᠨ

ᠪᠡᠶ᠎ᠡ ᠳᠡᠭᠡᠨ ᠬᠤᠪᠢᠰᠬᠠᠯ ᠬᠢᠬᠦ ᠶᠠᠪᠤᠴᠠ ᠶᠢ ᠲᠠᠬᠢᠨ ᠡᠷᠭᠢᠴᠡᠭᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ

ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠠᠷᠭ᠎ᠠ ᠬᠢᠳᠡᠯ ᠪᠣᠯᠤᠨ ᠦᠷ᠎ᠡ ᠪᠦᠲᠦᠮᠵᠢ ᠶᠢ ᠣᠶᠢᠯᠠᠭᠠᠪᠠ᠃

ᠭᠦᠨᠵᠡᠭᠡᠢ ᠪᠣᠳᠣᠯᠬᠢᠯᠠᠭᠰᠠᠨ ᠬᠡᠷᠡᠭ ᠤᠨ ᠵᠢᠱᠢᠶ᠎ᠡ᠂ ᠰᠡᠳᠬᠢᠯ ᠵᠢᠷᠦᠬᠡ ᠶᠢ ᠳᠣᠩᠰᠣᠯᠭᠠᠭᠰᠠᠨ ᠦᠵᠡᠭᠳᠡᠯ᠂ ᠭᠦᠨ ᠭᠦᠨᠵᠡᠭᠡᠢ

ᠭᠡᠮ ᠰᠣᠭᠤᠭ ᠠᠴᠠ ᠨᠠᠮ ᠤᠨ ᠭᠡᠰᠢᠭᠦᠨ ᠺᠠᠳ᠋ᠷᠴᠤᠳ ᠲᠤ ᠢᠯᠵᠠᠷᠠᠯ ᠠᠵᠢᠯᠯᠠᠭ᠎ᠠ ᠶᠢᠨ ᠨᠠᠮ ᠪᠣᠯᠤᠨ ᠤᠯᠤᠰ᠂ ᠬᠤᠪᠢ

ᠬᠥᠮᠦᠨ᠂ ᠭᠡᠷ ᠪᠦᠯᠢ ᠳᠤ ᠤᠴᠠᠷᠠᠭᠤᠯᠤᠭᠰᠠᠨ ᠬᠦᠨᠳᠦ ᠨᠣᠴᠢᠲᠠᠢ ᠬᠤᠣᠷ ᠬᠥᠨᠥᠭᠡᠯ ᠢ ᠭᠦᠨᠵᠡᠭᠡᠢ ᠮᠡᠳᠡᠷᠡᠭᠦᠯᠵᠡᠢ᠃

ᠨᠠᠮ ᠤᠨ ᠭᠡᠰᠢᠭᠦᠨ ᠺᠠᠳ᠋ᠷᠴᠤᠳ ᠲᠤ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠰᠠᠬᠢᠯᠭ᠎ᠠ

ᠪᠠᠲᠤ ᠶᠢᠨ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠡᠮᠢᠶᠡᠬᠦ᠂

ᠬᠤᠷᠢᠭ᠎ᠠ ᠱᠤᠭᠤᠮ ᠢ ᠰᠠᠬᠢᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠣᠭᠴᠠᠯᠠᠬᠤ

ᠬᠡᠷᠡᠭᠲᠡᠢ ᠭᠡᠵᠦ ᠰᠠᠨᠠᠭᠤᠯᠪᠠ᠃

    ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ᠨᠠᠮᠴᠢ ᠴᠢᠨᠠᠷ ᠤᠨ ᠬᠥᠮᠦᠵᠢᠯ ᠪᠠ ᠣᠶᠤᠨ

ᠰᠠᠨᠠᠭᠠᠨ ᠤ ᠤᠬᠢᠶᠠᠯ ᠪᠣᠯᠬᠤ ᠪᠠᠷ ᠪᠠᠷᠠᠬᠤ ᠦᠭᠡᠢ᠂ ᠨᠠᠩ ᠴᠤ ᠨᠠᠮ ᠤᠨ ᠭᠡᠰᠢᠭᠦᠨ ᠺᠠᠳ᠋ᠷᠴᠤᠳ ᠲᠤ ᠵᠣᠷᠢᠭᠤᠯᠤᠭᠰᠠᠨ ᠨᠢᠭᠡ

ᠤᠳᠠᠭᠠᠨ ᠤ ᠬᠦᠴᠦᠲᠡᠶ ᠵᠣᠷᠢᠭᠵᠢᠭᠤᠯᠤᠯ ᠪᠣᠯᠬᠤ ᠶᠤᠮ᠃ ᠪᠦᠬᠦ ᠨᠠᠮ ᠤᠨ ᠭᠡᠰᠢᠭᠦᠨ ᠵᠥᠪ ᠲᠠᠯ᠎ᠠ ᠶᠢᠨ ᠨᠡᠶᠢᠲᠡᠯᠢᠭ

ᠵᠢᠱᠢᠶ᠎ᠡ ᠪᠠᠷ ᠬᠡᠪ ᠳᠠᠭᠤᠷᠢᠶᠠᠯ ᠪᠣᠯᠭᠠᠵᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠰᠡᠷᠡᠮᠵᠢᠯᠡᠭᠦᠯᠦᠯ ᠪᠣᠯᠭᠠᠵᠤ᠂

ᠦᠵᠡᠯ ᠰᠠᠨᠠᠭᠠᠨ ᠤ ᠲᠠᠯ᠎ᠠ ᠪᠠᠷ ︽ᠤᠯᠠᠭᠠᠨ ᠱᠤᠭᠤᠮ︾ ᠵᠢᠷᠤᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ︽ᠬᠤᠷᠢᠭ᠎ᠠ

ᠱᠤᠭᠤᠮ︾ ᠢ ᠲᠣᠳᠣᠷᠬᠠᠶᠢᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂

ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠡᠩ ᠣᠷᠭᠢᠯᠤᠮ᠎ᠠ ᠬᠠᠯᠠᠭᠤᠨ

ᠰᠡᠳᠬᠢᠯᠭᠡ ᠪᠣᠯᠤᠨ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ

ᠠᠵᠢᠯ ᠳᠤ ᠣᠷᠣᠯᠴᠠᠨ᠎ᠠ ᠭᠡᠵᠦ ᠢᠯᠡᠳᠬᠡᠪᠡ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2