ᠬᠤᠸᠠᠳᠧ ᠰᠢᠶᠠᠨ ᠤ ᠲᠤᠰᠢᠶᠠᠯ ᠡᠭᠦᠷᠭᠡᠯᠡᠭᠰᠡᠨ ᠺᠠᠳ᠋ᠷ ᠴᠤᠤᠶᠠᠩ ᠪᠠᠯᠭᠠᠰᠤᠨ ᠤ ᠪᠦᠦ ᠯᠦᠩ ᠸᠠᠨ ᠲᠣᠰᠬᠤᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/24
 

   9 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ

ᠳᠡᠳ᠋ ᠰᠢᠶᠠᠨ ᠤ ᠳᠠᠷᠤᠭ᠎ᠠ ᠸᠠᠩ ᠳ᠋ᠠᠶ ᠬᠤᠸᠠᠳᠧ ᠰᠢᠶᠠᠨ ᠤ ᠲᠤᠰᠢᠶᠠᠯ ᠡᠭᠦᠷᠭᠡᠯᠡᠭᠰᠡᠨ ᠺᠠᠳ᠋ᠷ ᠴᠢᠳᠠᠪᠤᠷᠢᠲᠠᠨ ᠢ ᠳᠠᠭᠠᠭᠤᠯᠤᠨ

ᠴᠤᠤᠶᠠᠩ ᠪᠠᠯᠭᠠᠰᠤᠨ ᠤ ᠪᠦᠦ ᠯᠦᠩ ᠸᠠᠨ ᠲᠣᠰᠬᠤᠨ ᠳᠤ ᠬᠦᠷᠴᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ

ᠥᠷᠨᠢᠭᠦᠯᠪᠡ᠃

1725876452049057045.jpg

    ᠨᠠᠮ ᠪᠠ ᠣᠯᠠᠨ ᠲᠦᠮᠡᠨ ᠤ ᠠᠵᠢᠯᠯᠠᠭ᠎ᠠ ᠶᠢᠨ ᠲᠥᠪ ᠲᠤ᠂ ᠲᠥᠪ ᠤᠨ ᠣᠷᠣᠨ ᠲᠤᠭ᠎ᠠ ᠶᠢᠨ ᠠᠯᠪᠠᠨ ᠬᠡᠷ ᠤᠨ

ᠲᠤᠰᠢᠶᠠᠯ ᠡᠭᠦᠷᠭᠡᠯᠡᠭᠰᠡᠨ ᠪᠤᠯᠤᠩ ᠤᠨ ᠲᠤᠬᠤᠢ ᠲᠣᠰᠬᠤᠨ ᠤ ᠨᠢᠭᠡᠳᠦᠭᠡᠷ ᠱᠦᠵᠢ ᠯᠢ ᠸᠧᠶ ᠯᠦᠩ ᠪᠤᠯᠤᠩ ᠤᠨ ᠲᠤᠬᠤᠢ

ᠲᠣᠰᠬᠤᠨ ᠤ ᠲᠡᠦᠬᠡ ᠶᠢᠨ ᠳᠦᠷᠰᠦ ᠪᠠᠶᠢᠳᠠᠯ ᠢ ᠨᠠᠷᠢᠨ ᠲᠠᠨᠢᠯᠴᠠᠭᠤᠯᠤᠭᠰᠠᠨ ᠪᠥᠭᠡᠳ ᠨᠠᠮ ᠤᠨ ᠪᠠᠶᠢᠭᠤᠯᠤᠯᠲᠠ ᠪᠠᠷ

ᠬᠥᠲᠥᠯᠥᠨ ᠳᠠᠭᠠᠭᠤᠯᠬᠤ᠂ ᠥᠪᠡᠷᠲᠡᠭᠡᠨ ᠵᠠᠰᠠᠬᠤ ᠬᠠᠤᠯᠢ ᠪᠠᠷ ᠵᠠᠰᠠᠬᠤ ᠶᠣᠰᠣ ᠮᠣᠷᠠᠯ ᠢᠶᠠᠷ ᠵᠠᠰᠠᠬᠤ ᠶᠢ

ᠠᠭᠤᠰᠤᠯᠴᠠᠭᠤᠯᠬᠤ ᠶᠢ ᠪᠠᠷᠢᠮᠲᠠᠯᠠᠬᠤ ᠪᠠᠷ ᠭᠤᠤᠯ ᠰᠢᠵᠢᠮ ᠪᠣᠯᠭᠠᠵᠤ᠂ ᠦᠷᠭᠦᠯᠵᠢᠯᠡᠨ ᠬᠠᠭᠠᠯᠪᠤᠷᠢᠯᠠᠵᠤ᠂ ᠠᠵᠢᠯ ᠤᠨ

ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠪᠤᠯᠤᠩ ᠤᠨ ᠲᠤᠬᠤᠢ ᠲᠣᠰᠬᠤᠨ ᠤ ᠥᠷᠨᠢᠩᠭᠦᠶ ᠬᠥᠭᠵᠢᠯᠲᠡ ᠶᠢ ᠪᠡᠶᠡᠯᠡᠭᠦᠯᠪᠡ

    ᠠᠯᠠᠰᠢᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠳᠤ᠂ ᠯᠢ ᠸᠧᠢ ᠯᠦᠩ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠪᠠᠷ ᠭᠠᠷᠳᠠᠴᠠ ᠪᠣᠯᠭᠠᠵᠤ

᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ᠤ ᠠᠷᠠᠳ ᠤᠨ

ᠣᠷᠣᠯᠭ᠎ᠠ ᠶᠢ ᠨᠡᠮᠡᠭᠳᠡᠭᠦᠯᠦᠭᠰᠡᠨ ᠪᠥᠭᠡᠳ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠳᠦᠷᠰᠦᠯᠡᠵᠦ᠂

ᠨᠠᠮ ᠤᠨ ᠤᠳᠤᠷᠢᠳᠤᠯᠭ᠎ᠠ ᠳᠣᠣᠷᠠᠬᠢ ᠬᠥᠳᠡᠭᠡ ᠲᠣᠰᠬᠤᠨ ᠤ ᠬᠥᠭᠵᠢᠯᠲᠡ ᠶᠢᠨ ᠠᠮᠢᠳᠤᠯᠢᠭ ᠬᠠᠭᠤᠳᠠᠰᠤ ᠶᠢ ᠳᠡᠯᠭᠡᠨ

ᠦᠵᠡᠭᠦᠯᠪᠡ᠃

    ᠲᠤᠰᠢᠶᠠᠯ ᠡᠭᠦᠷᠭᠡᠯᠡᠭᠰᠡᠨ ᠴᠢᠳᠠᠪᠤᠷᠢᠲᠠᠨ ᠤ ᠪᠦᠯᠬᠦᠮ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠨᠠᠩ ᠭᠦᠨᠵᠡᠭᠡᠶ

ᠲᠠᠨᠢᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠣᠯᠠᠨ ᠡᠰᠢᠵᠢᠭᠰᠡᠨ ᠬᠠᠪᠰᠤᠷᠤᠨ ᠲᠡᠳᠬᠦᠬᠦ ᠲᠠᠯ᠎ᠠ ᠪᠠᠷ ᠨᠠᠩ

ᠭᠦᠨᠵᠡᠭᠡᠶ ᠪᠣᠳᠣᠯᠬᠢᠯᠠᠯ ᠲᠠᠢ ᠪᠣᠯᠵᠣ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠤᠬᠠᠶ

ᠣᠶᠢᠯᠠᠭᠠᠯᠲᠠ ᠪᠠᠨ ᠭᠦᠨᠵᠡᠭᠡᠶᠢᠷᠡᠭᠦᠯᠪᠡ᠃ ᠤᠯᠠᠨ ᠢᠶᠠᠷ ᠢᠶᠠᠨ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠪᠠᠲᠤᠳᠬᠠᠵᠤ᠂

ᠴᠠᠭ ᠢᠮᠠᠭᠲᠠ ︽ᠭᠠᠪᠢᠶ᠎ᠠ ᠵᠢᠳᠬᠦᠯ ᠢ ᠨᠠᠳᠠ ᠠᠴᠠ ᠭᠠᠷᠭᠠᠬᠤ ᠦᠭᠡᠢ᠂ ᠭᠠᠪᠢᠶ᠎ᠠ ᠵᠢᠳᠬᠦᠯ ᠢ ᠵᠠᠪᠠᠯ ᠪᠢ ᠪᠠᠶᠢᠯᠭᠠᠬᠤ︾

ᠬᠠᠷᠢᠭᠤᠴᠠᠯᠭ᠎ᠠ ᠡᠭᠦᠷᠭᠡᠯᠡᠯ ᠢᠶᠠᠷ ᠲᠤᠰᠢᠶᠠᠯ ᠡᠭᠦᠷᠭᠡᠯᠡᠬᠦ ᠠᠵᠢᠯ ᠢ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ

ᠬᠡᠷᠡᠭᠲᠡᠢ︔ ᠠᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ

ᠳ᠋ᠦᠩ ᠴᠧᠩ ᠲᠣᠭᠤᠷᠢᠭ ᠤᠨ ᠰᠠᠶᠢᠨ ᠲᠤᠷᠰᠢᠯᠭ᠎ᠠ ᠠᠷᠭ᠎ᠠ ᠬᠢᠳᠡᠯ ᠢ ᠲᠠᠰᠤᠷᠠᠯᠳᠠ ᠦᠭᠡᠢ ᠣᠷᠣᠭᠤᠯᠵᠤ᠂ ᠬᠠᠪᠰᠤᠷᠤᠨ

ᠲᠡᠳᠬᠦᠬᠦ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ︔ ᠬᠠᠮᠤᠭ ᠤᠨ ᠰᠠᠶᠢᠨ ᠪᠠᠷᠢᠮᠵᠢᠶ᠎ᠠ ᠶᠢ ᠪᠠᠷᠢᠮᠲᠠᠯᠠᠵᠤ᠂ ᠡᠯ᠎ᠡ

ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ

ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ   

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2