ᠬᠤᠸᠠᠳᠧ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠬᠥᠳᠡᠯᠦᠩᠭᠦᠶ ᠪᠠᠷ ᠳᠣᠭᠢᠷᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/9/24

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ

ᠬᠢᠨᠠᠯᠲᠠ ᠲᠠᠯᠪᠢᠬᠤ ᠲᠦᠷᠢᠮ︾ ᠤᠨ ᠲᠣᠭᠲᠠᠭᠠᠯ ᠶᠣᠰᠣᠭᠠᠷ᠂ ︽ᠬᠤᠸᠠᠳᠧ ᠰᠢᠶᠠᠨ ᠤ ᠪᠠᠶᠢᠭᠤᠯᠤᠮᠵᠢ ᠶᠢᠨ

ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ︵ᠬᠢᠮᠢ ᠶᠢᠨ ᠨᠠᠮ ᠲᠠᠷᠬᠠᠭᠠᠭᠰᠠᠨ ﹇2020﹈ 1 ᠳ᠋ᠦ᠋ᠭᠡᠷ ᠲᠣᠭᠠᠲᠤ

︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ

ᠬᠡᠷᠡᠭᠵᠢᠭᠦᠯᠬᠦ ᠭᠤᠤᠯ ᠴᠣᠭᠴᠠ ᠶᠢ ᠬᠥᠳᠡᠯᠦᠩᠭᠦᠶ ᠪᠠᠷ ᠳᠣᠭᠢᠷᠠᠭᠤᠯᠪᠠ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂

ᠬᠤᠸᠠᠳᠧ ᠰᠢᠶᠠᠨ ᠤ ᠲᠣᠰ ᠱᠠᠲᠤᠨ ᠤ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ

ᠪᠠᠶᠢᠭᠤᠯᠭ᠎ᠠ ᠶᠢ 28 ᠪᠠᠶᠢᠭᠰᠠᠨ ᠠᠴᠠ ᠨᠢ 29 ᠪᠣᠯᠭᠠᠨ ᠲᠣᠬᠢᠷᠠᠭᠤᠯᠵᠤ᠂ ᠬᠠᠤᠯᠢ ᠴᠠᠭᠠᠵᠠ ᠬᠠᠤᠯᠢ

ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢ 14 ᠪᠣᠯᠭᠠᠨ ᠲᠣᠬᠢᠷᠠᠭᠤᠯᠵᠤ᠂

ᠲᠣᠬᠢᠷᠠᠭᠤᠯᠤᠭᠰᠠᠨ ᠤ ᠳᠠᠷᠠᠭᠠᠬᠢ ᠬᠤᠸᠠᠳᠧ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ

ᠪᠡᠶᠡᠴᠢ ᠴᠣᠭᠴᠠ ᠨᠢ ᠳᠣᠤᠷᠠᠬᠢ ᠮᠡᠲᠦ᠄

    ᠨᠢᠭᠡ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ︵29 ᠨᠢᠭᠡᠴᠢ︶

    1᠂ ᠬᠤᠸᠠᠳᠧ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠬᠤᠸᠠᠳᠧ ᠰᠢᠶᠠᠨ ᠤ ᠠᠮᠤ

ᠪᠤᠳᠠᠭ᠎ᠠ ᠪᠣᠯᠤᠨ ᠡᠨᠧᠷᠭᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠤᠸᠠᠳᠧ ᠰᠢᠶᠠᠨ ᠤ ᠠᠷᠠᠳ ᠤᠨ

ᠠᠭᠠᠷ ᠤᠨ ᠰᠡᠷᠭᠡᠶᠢᠯᠡᠯᠲᠡ ᠶᠢᠨ ᠦᠢᠯᠡᠴᠢᠯᠡᠭᠡᠨ ᠤ ᠲᠥᠪ︶

    2. ᠬᠤᠸᠠᠳᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ

    3. ᠬᠤᠸᠠᠳᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ

    4. ᠬᠤᠸᠠᠳᠧ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ

ᠲᠣᠪᠴᠢᠶ᠎ᠠ

    5. ᠬᠤᠸᠠᠳᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ

ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶

    6᠂ ᠬᠤᠸᠠᠳᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋

ᠬᠥᠷᠥᠩᠭᠡ ᠶᠢᠨ ᠬᠢᠨᠠᠯᠲᠠ ᠲᠠᠯᠪᠢᠬᠤ ᠵᠥᠪᠯᠡᠯ᠂ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ

ᠠᠯᠪᠠᠨ ᠭᠡᠷ︶

    7. ᠬᠤᠸᠠᠳᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ

    8. ᠬᠤᠸᠠᠳᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ

    9. ᠬᠤᠸᠠᠳᠧ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ

    10᠂ ᠬᠤᠸᠠᠳᠧ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ

    11᠂ ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ

ᠲᠣᠪᠴᠢᠶ᠎ᠠ

    12᠂ ᠬᠤᠸᠠᠳᠧ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ

ᠵᠦᠢᠯᠡᠰ ᠤᠨ ᠲᠣᠪᠴᠢᠶ᠎ᠠ︶

    13᠂ ᠬᠤᠸᠠᠳᠧ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ

    14᠂ ᠬᠤᠸᠠᠳᠧ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵

ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶

    15᠂ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ

    16 ᠬᠤᠸᠠᠳᠧ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ

    17᠂ ᠬᠤᠸᠠᠳᠧ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ

ᠠᠵᠢᠯ ᠤᠨ ᠵᠥᠪᠯᠡᠯ︶

    18᠂ ᠬᠤᠸᠠᠳᠧ ᠰᠢᠶᠠᠨ ᠤ ᠬᠢᠨᠠᠨ ᠪᠣᠳᠣᠬᠤ ᠲᠣᠪᠴᠢᠶ᠎ᠠ

    19᠂ ᠬᠤᠸᠠᠳᠧ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ

    20᠂ ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠤᠸᠠᠳᠧ ᠰᠢᠶᠠᠨ ᠤ

ᠬᠤᠪᠢᠶᠠᠷᠢ ᠲᠣᠪᠴᠢᠶ᠎ᠠ

    21 ᠬᠤᠸᠠᠳᠧ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ

    22᠂ ᠬᠤᠸᠠᠳᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠮᠣᠩᠭᠤᠯ ᠡᠮ

ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ

ᠵᠥᠪᠯᠡᠯ︶

    23 ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ

    24. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠤᠸᠠᠳᠧ ᠰᠢᠶᠠᠨ ᠤ ᠭᠠᠶᠢᠯᠢ ᠶᠢᠨ

ᠶᠠᠪᠤᠳᠠᠯ ᠤᠨ ᠲᠣᠪᠴᠢᠶ᠎ᠠ

    25᠂ ᠬᠤᠸᠠᠳᠧ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ

    26᠂ ᠬᠤᠸᠠᠳᠧ ᠰᠢᠶᠠᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ︵ᠰᠢᠶᠠᠨ ᠤ ᠨᠠᠮ ᠤᠨ

ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠲᠣᠪᠴᠢᠶ᠎ᠠ ᠳᠤ ᠫᠠᠶᠢᠰᠠ ᠡᠯᠭᠦᠨ᠎ᠠ︶

    27᠂ ᠬᠤᠸᠠᠳᠧ ᠰᠢᠶᠠᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ︵ᠰᠢᠶᠠᠨ ᠤ ᠨᠠᠮ ᠤᠨ

ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ︶

    28᠂ ᠬᠤᠸᠠᠳᠧ ᠰᠢᠶᠠᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ︵ᠰᠢᠶᠠᠨ ᠤ ᠨᠠᠮ ᠤᠨ

ᠬᠤᠷᠢᠶᠠᠨ ᠤ ᠤᠬᠠᠭᠤᠯᠬᠤ ᠬᠡᠯᠲᠡᠰ︶

    29᠂ ᠬᠤᠸᠠᠳᠧ ᠰᠢᠶᠠᠨ ᠤ ᠳᠠᠩᠰᠠ ᠡᠪᠬᠡᠮᠡᠯ ᠤᠨ ᠲᠣᠪᠴᠢᠶ᠎ᠠ ︵ᠰᠢᠶᠠᠨ ᠤ ᠨᠠᠮ ᠤᠨ ᠬᠤᠷᠢᠶᠠᠨ ᠤ ᠠᠯᠪᠠᠨ

ᠭᠡᠷ ᠲᠤ ᠫᠠᠶᠢᠰᠠ ᠡᠯᠭᠦᠨ᠎ᠠ︶

  ᠬᠤᠶᠠᠷ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ︵14︶

    1. ᠬᠤᠸᠠᠳᠧ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ

ᠬᠡᠷᠡᠭᠵᠢᠭᠦᠯᠬᠦ ᠲᠣᠪᠴᠢᠶ᠎ᠠ

    2. ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ

ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠤᠸᠠᠳᠧ ᠰᠢᠶᠠᠨ ᠤ ᠶᠡᠭᠡ ᠠᠩᠭᠢ

    3. ᠬᠤᠸᠠᠳᠧ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ

    4. ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠸᠠᠳᠧ ᠰᠢᠶᠠᠨ ᠤ ᠳᠠᠮᠠᠬᠢ ᠳᠤᠰᠬᠠᠢ

ᠬᠤᠳᠠᠯᠲᠤᠬᠤ ᠲᠤᠪᠴᠢᠶ᠎ᠠ

    5. ᠥᠪᠥᠷ ᠮᠣᠩᠭᠤᠯ ᠤᠨ ᠬᠤᠸᠠᠳᠧ ᠰᠢᠶᠠᠨ ᠤ ᠴᠠᠭ ᠠᠭᠤᠷ ᠤᠨ ᠲᠣᠪᠴᠢᠶ᠎ᠠ

    6. ᠬᠤᠸᠠᠳᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ

    7᠂ ᠬᠤᠸᠠᠳᠧ ᠰᠢᠶᠠᠨ ᠤ ᠵᠠᠰᠠᠭ ᠤᠨ ᠣᠷᠳᠣᠨ ᠤ ᠬᠠᠷᠢᠶᠠᠲᠤ ᠨᠠᠷ ᠤᠨ ᠶᠠᠪᠤᠳᠠᠯ ᠤᠨ ᠠᠯᠪᠠᠨ ᠭᠡᠷ ︵

ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠫᠠᠶᠢᠰᠠ ᠡᠯᠭᠦᠪᠡ︶

    8. ᠬᠤᠸᠠᠳᠧ ᠰᠢᠶᠠᠨ ᠤ ᠠᠵᠢᠯ ᠦᠢᠯᠡᠰ ᠤᠨ ᠨᠢᠭᠡᠴᠡ ᠶᠢᠨ ᠳᠠᠩᠰᠠᠯᠠᠯ ᠤᠨ ᠬᠠᠮᠢᠶᠠᠷᠤᠯᠲᠠ ᠶᠢᠨ ᠲᠣᠪᠴᠢᠶ᠎ᠠ ︵

ᠰᠢᠶᠠᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ ᠠᠯᠪᠠᠨ ᠭᠡᠷ︶

    9᠂ ᠬᠤᠸᠠᠳᠧ ᠰᠢᠶᠠᠨ ᠤ ᠳᠣᠯᠣᠳᠤᠭᠠᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

    10᠂ ᠬᠤᠧᠳᠧ ᠰᠢᠶᠠᠨ ᠤ ᠴᠤᠤᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

    11᠂ ᠬᠤᠸᠠᠳᠧ ᠰᠢᠶᠠᠨ ᠤ ᠴᠠᠩᠱᠦ᠋ᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

    12᠂ ᠬᠤᠸᠠᠳᠧ ᠰᠢᠶᠠᠨ ᠤ ᠳᠡᠪᠡᠭᠡᠲᠤ ᠰᠢᠶᠠᠩ ᠤᠨ ᠠᠷᠠᠳ ᠤᠨ ᠵᠠᠰᠠᠭ ᠤᠨ ᠣᠷᠳᠣᠨ

    13᠂ ᠬᠤᠸᠠᠳᠧ ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠠᠷᠠᠳ ᠤᠨ ᠵᠠᠰᠠᠭ ᠤᠨ ᠣᠷᠳᠣᠨ

    14᠂ ᠬᠤᠸᠠᠳᠧ ᠰᠢᠶᠠᠨ ᠤ ᠪᠠᠶᠠᠨᠲᠠᠯ᠎ᠠ ᠰᠢᠶᠠᠩ ᠤᠨ ᠠᠷᠠᠳ ᠤᠨ ᠵᠠᠰᠠᠭ ᠤᠨ ᠣᠷᠳᠣᠨ

    ᠭᠤᠷᠪᠠ᠂ ᠬᠤᠯᠪᠣᠭᠳᠠᠯ ᠪᠦᠬᠦᠢ ᠤᠴᠢᠷ ᠶᠠᠪᠤᠳᠠᠯ

    ︵ᠨᠢᠭᠡ︶ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢᠨ

ᠨᠡᠷᠡᠰ ᠢ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠲᠡᠯᠡᠨ᠎ᠡ᠃

    ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ

ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ

ᠥᠷᠨᠢᠭᠦᠯᠦᠭᠰᠡᠨ ᠪᠠᠶᠢᠪᠠᠯ᠂ ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠣᠬᠢᠶᠠᠨ

ᠪᠠᠶᠢᠭᠤᠯᠤᠯᠲᠠ ᠲᠠᠢ ᠪᠢᠴᠢᠭ ᠤᠨ ᠬᠡᠯᠪᠡᠷᠢ ᠶᠢᠨ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠵᠤ᠂ ᠨᠠᠶᠢᠳᠠᠯᠭ᠎ᠠ ᠬᠦᠯᠢᠶᠡᠭᠰᠡᠨ

ᠪᠡᠶᠡᠴᠢ ᠴᠣᠭᠴᠠ ᠪᠠ ᠨᠠᠶᠢᠳᠠᠭᠰᠠᠨ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠭᠤᠯᠭ᠎ᠠ ᠶᠢ ᠰᠦᠯᠵᠢᠶᠡᠨ ᠥᠷᠲᠡᠭᠡ

ᠪᠤᠶᠤ ᠵᠠᠭᠤᠴᠢᠯᠠᠭᠤᠷ ᠲᠤ ᠢᠯᠡ ᠪᠣᠯᠭᠠᠬᠤ ᠶᠢᠨ ᠬᠠᠮᠲᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ

ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃

    ︵ᠭᠤᠷᠪᠠ︶ ᠰᠢᠶᠠᠨ ᠤ ᠨᠠᠮ ᠤᠨ ᠬᠤᠷᠢᠶᠠᠨ ᠤ ᠠᠵᠢᠯ ᠤᠨ ᠪᠠᠶᠢᠭᠤᠯᠭ᠎ᠠ ᠳᠤ ᠫᠠᠶᠢᠰᠠ ᠡᠯᠭᠦᠭᠰᠡᠨ

ᠪᠠᠶᠢᠭᠤᠯᠤᠮᠵᠢ ᠨᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ

ᠲᠣᠭᠲᠠᠭᠠᠯ ᠢ ᠦᠨᠳᠦᠰᠦᠯᠡᠨ᠂ ᠫᠠᠶᠢᠰᠠ ᠡᠯᠭᠦᠬᠦ ᠪᠠᠶᠢᠭᠤᠯᠤᠮᠵᠢ ᠶᠢᠨ ᠨᠡᠷ᠎ᠡ ᠪᠠᠷ ᠭᠠᠳᠠᠭᠰᠢ ᠵᠠᠰᠠᠭ ᠵᠠᠬᠢᠷᠭᠠᠨ ᠤ

ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃

    ︵ᠲᠦᠷᠪᠡ︶ ᠲᠤᠰ ᠤᠳᠠᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠭᠰᠡᠨ ᠦᠭᠡᠶ ᠬᠠᠤᠯᠢ

ᠬᠡᠷᠡᠭᠵᠢᠭᠦᠯᠬᠦ ᠨᠢᠭᠡᠴᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠵᠦ ᠪᠣᠯᠬᠤ ᠦᠭᠡᠶ᠃

    ︵ᠲᠠᠪᠤ︶ ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠬᠠᠤᠯᠢ

ᠬᠡᠷᠡᠭᠵᠢᠭᠦᠯᠬᠦ ᠪᠡᠶᠡᠴᠢ ᠴᠣᠭᠴᠠ ᠶᠢ ᠪᠠᠶᠢᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠪᠡᠶᠡᠴᠢ ᠴᠣᠭᠴᠠ ᠶᠢᠨ ᠬᠢᠷᠢ

ᠬᠡᠮ ᠢ ᠬᠦᠴᠦᠨ ᠥᠬᠡᠶ ᠪᠣᠯᠭᠠᠬᠤ ᠵᠡᠷᠭᠡ ᠪᠠᠶᠢᠳᠠᠯ ᠭᠠᠷᠤᠭᠰᠠᠨ ᠪᠠᠶᠢᠪᠠᠯ᠂ ᠬᠤᠯᠪᠣᠭᠳᠠᠯ ᠪᠥᠬᠦᠶ ᠰᠠᠯᠠᠭ᠎ᠠ

ᠮᠥᠴᠢᠷ ᠨᠢ ᠴᠠᠭ ᠲᠤᠬᠠᠶ ᠳᠤ ᠨᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ ᠳᠠᠬᠢᠨ ᠬᠢᠨᠠᠨ

ᠬᠠᠷᠭᠤᠭᠤᠯᠬᠤ ᠬᠡᠷᠡᠭᠲᠡᠶ᠃

    ︵ᠵᠢᠷᠭᠤᠭ᠎ᠠ᠂ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠂ ᠤᠤᠯ ᠤᠨ

ᠠᠯᠪᠠᠨ ᠵᠠᠷ ︵ᠬᠢᠮᠢ ᠶᠢᠨ ᠵᠠᠰᠠᠭ ᠲᠠᠷᠬᠠᠭᠠᠭᠰᠠᠨ ︹2020︺ 5 ᠳ᠋ᠤᠭᠠᠷ ᠲᠣᠭᠠᠲᠤ︶︶ ᠬᠦᠴᠦᠨ ᠭᠦ᠋ᠢ

ᠪᠣᠯᠭᠠᠨ᠎ᠠ᠃

    ᠬᠤᠸᠠᠳᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ

    2024 ᠣᠨ ᠤ 9 ᠰᠠᠷ᠎ᠠ ᠶᠢᠨ 4 ᠤ ᠡᠳᠦᠷ

 

ᠢᠷᠡᠯᠲᠡ᠄ ᠬᠤᠸᠠᠳᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ     

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2