ᠬᠤᠸᠠᠳᠧ ᠰᠢᠶᠠᠨ 2024 ᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪᠯᠡᠷᠡᠩᠭᠦᠶ ᠪᠣᠯᠪᠠᠰᠤᠷᠠᠯ ᠤᠨ ᠬᠤᠷᠠᠯ ᠵᠢᠴᠢ ᠲᠦᠷᠭᠡᠨ ᠴᠢᠨᠠᠷᠲᠠᠶ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠠ
ᠨᠡᠶᠢᠲᠡᠯᠡᠭᠰᠡᠨ ᠴᠠᠭ᠄
2024/9/25

   ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ

ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠶᠢᠨ ᠲᠥᠯᠥᠭᠡ᠂

9 ᠰᠠᠷ᠎ᠠ ᠶᠢᠨ 25 ᠤ ᠡᠳᠦᠷ᠂ ᠬᠤᠸᠠᠳᠧ ᠰᠢᠶᠠᠨ ᠤ 2024 ᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ

ᠡᠵᠡᠮᠳᠡᠬᠦ ᠲᠥᠪᠯᠡᠷᠡᠭᠦᠯᠦᠨ ᠪᠣᠯᠪᠠᠰᠤᠷᠠᠭᠤᠯᠬᠤ ᠬᠤᠷᠠᠯ ᠵᠢᠴᠢ ᠲᠦᠷᠭᠡᠨ ᠴᠢᠨᠠᠷᠲᠠᠶ ᠬᠠᠯᠳᠠᠪᠤᠷᠢᠲᠤ ᠡᠪᠡᠳᠴᠢᠨ ᠢ

ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ

ᠵᠥᠪᠯᠡᠯ ᠳᠤ ᠶᠠᠪᠤᠭᠳᠠᠪᠠ᠃

1727355682029054877.png

    ᠠᠩᠭᠢ ᠡᠬᠢᠯᠡᠬᠦ ᠶᠣᠰᠣᠯᠠᠯ ᠳᠡᠭᠡᠷ᠎ᠡ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ

ᠡᠷᠬᠢᠯᠡᠭᠴᠢ ᠵᠢᠶᠠ ᠶᠦᠩ ᠵᠢᠶᠧ ᠴᠢᠬᠤᠯᠠᠴᠢᠯᠠᠭᠰᠠᠨ ᠨᠢ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠵᠦ

ᠪᠣᠯᠬᠤ ᠪᠥᠭᠡᠳ ᠵᠠᠰᠠᠵᠤ ᠪᠣᠯᠬᠤ ᠵᠦᠢᠯ ᠪᠣᠯᠤᠨ᠎ᠠ᠂ ᠡᠯ᠎ᠡ ᠲᠠᠯ᠎ᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂

ᠭᠤᠷᠪᠠᠨ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠰᠠᠶᠢᠲᠤᠷ ᠰᠠᠬᠢᠵᠤ᠂ ᠬᠤᠯᠪᠣᠭᠠᠯᠠᠨ ᠰᠡᠷᠭᠡᠶᠢᠯᠡᠵᠦ

ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠴᠢᠩᠭᠠᠳᠬᠠᠵᠤ᠂

ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠢᠨᠵᠢᠯᠡᠬᠦ

ᠤᠬᠠᠭᠠᠨᠴᠢ᠂ ᠵᠢᠷᠤᠮᠵᠢᠯ ᠲᠠᠢ ᠡᠮᠬᠢ ᠵᠢᠷᠤᠮ ᠲᠠᠢ ᠰᠠᠶᠢᠲᠤᠷ ᠬᠢᠬᠦ ᠬᠡᠷᠡᠭᠲᠡᠶ᠃ ᠪᠣᠯᠪᠠᠰᠤᠷᠠᠯ ᠤᠨ ᠬᠤᠷᠠᠯ ᠳᠡᠭᠡᠷ᠎ᠡ᠂

ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠲᠤᠰᠬᠠᠶ ᠮᠡᠷᠭᠡᠵᠢᠯᠲᠡᠨ ᠲᠢᠶᠠᠨ ᠰᠢᠤᠸᠠᠢ ᠫᠢᠩ᠂ ᠬᠤᠯᠤᠭᠠᠨ᠎ᠠ ᠶᠢᠨ

ᠬᠢᠵᠢᠭ ᠤᠨ ᠡᠪᠡᠳᠴᠢᠨ ᠡᠭᠦᠰᠭᠡᠭᠴᠢ ᠶᠢᠨ ᠤᠬᠠᠭᠠᠨ ᠤ ᠣᠨᠴᠠᠯᠢᠭ᠂ ᠡᠮᠴᠢᠯᠡᠭᠡᠨ ᠤ ᠢᠯᠡᠷᠡᠯ᠂ ᠬᠤᠯᠤᠭᠠᠨ᠎ᠠ ᠶᠢᠨ

ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ᠂ ᠥᠪᠡᠷ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ

ᠬᠠᠮᠠᠭᠠᠯᠠᠬᠤ ᠮᠡᠳᠡᠯᠭᠡ ᠵᠡᠷᠭᠡ ᠲᠠᠯ᠎ᠠ ᠪᠠᠷ ᠪᠥᠬᠦ ᠲᠠᠯ᠎ᠠ ᠪᠠᠷ ᠭᠦᠨᠵᠡᠭᠡᠶ ᠲᠠᠶᠢᠯᠤᠮᠵᠢ ᠬᠢᠪᠠ᠃

    ᠬᠤᠷᠠᠯ ᠤᠨ ᠳᠠᠷᠠᠭ᠎ᠠ᠂ ᠰᠢᠷᠦᠭᠦᠨ ᠴᠢᠨᠠᠷᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠴᠢᠮ

ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ᠃ ᠲᠣᠰ ᠤᠳᠠᠭᠠᠨ ᠤ ᠰᠣᠷᠢᠯᠲᠠ ᠳᠤ ᠡᠪᠡᠳᠴᠢᠨ ᠤ ᠵᠢᠱᠢᠶ᠎ᠡ ᠶᠢ

ᠢᠯᠡᠷᠡᠭᠦᠯᠬᠦ ᠪᠠ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠶᠢ ᠴᠤᠤᠷᠢᠶᠠᠲᠤᠨ ᠳᠠᠭᠠᠬᠤ ᠶᠢ ᠡᠬᠢᠯᠡᠭᠦᠯᠬᠦ᠂ ᠬᠢᠵᠢᠭᠲᠦ

ᠣᠷᠣᠨ ᠢ ᠠᠷᠢᠭᠤᠳᠬᠠᠨ ᠨᠣᠭᠠᠶ ᠶᠢᠨ ᠪᠥᠭᠡᠰᠦ ᠶᠢ ᠤᠰᠠᠳᠬᠠᠬᠤ᠂ ᠲᠠᠬᠤᠯ ᠡᠪᠡᠳᠴᠢᠨ ᠤ ᠰᠤᠳᠤᠯᠤᠯ ᠤᠨ

ᠪᠠᠶᠢᠴᠠᠭᠠᠯᠲᠠ᠂ ᠲᠤᠷᠰᠢᠯᠲᠠ ᠶᠢᠨ ᠲᠠᠰᠤᠭ ᠤᠨ ᠮᠠᠲ᠋ᠧᠷᠢᠶᠠᠯ ᠠᠪᠬᠤ᠂ ᠡᠮ ᠡᠮᠨᠡᠯᠭᠡ ᠶᠢᠨ ᠠᠪᠤᠷᠠᠨ ᠵᠠᠰᠠᠬᠤ᠂

ᠡᠴᠦᠰ ᠤᠨ ᠰᠢᠶ᠋ᠳᠪᠦᠷᠢᠯᠡᠯᠲᠡ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠦᠨᠡᠯᠡᠨ ᠵᠢᠱᠢᠬᠦ ᠵᠡᠷᠭᠡ ᠨᠠᠢᠮᠠᠨ

ᠭᠤᠭᠴᠤᠭ᠎ᠠ ᠪᠠᠷ ᠪᠣᠳᠠᠲᠤ ᠪᠠᠶᠢᠯᠳᠤᠭᠠᠨ ᠤ ᠰᠣᠷᠢᠯᠲᠠ ᠬᠢᠵᠡᠶ᠃

    ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠰᠢᠶᠤᠤ ᠵᠧᠨ ᠢᠦᠶ ᠲᠣᠰ ᠤᠳᠠᠭᠠᠨ ᠤ ᠪᠠᠴᠢᠮ ᠪᠠᠶᠢᠳᠠᠯ ᠢ

ᠠᠷᠭᠠᠴᠠᠬᠤ ᠰᠣᠷᠢᠯᠲᠠ ᠳᠤ ᠦᠨᠡᠯᠡᠯᠲᠡ ᠬᠢᠵᠡᠶ᠂ ᠲᠡᠷᠡ ᠴᠢᠬᠤᠯᠠᠴᠢᠯᠠᠭᠰᠠᠨ ᠨᠢ᠂ ᠰᠠᠯᠠᠭ᠎ᠠ ᠮᠥᠴᠢᠷ ᠤᠨ

ᠬᠤᠭᠤᠷᠣᠨᠳᠣᠬᠢ ᠬᠠᠮᠵᠢᠯᠴᠠᠨ ᠬᠠᠮᠲᠤᠷᠠᠯᠴᠠᠬᠤ ᠪᠣᠯᠪᠠᠰᠤᠷᠠᠯ ᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ

ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠᠬᠢ ᠡᠭᠦᠷᠭᠡ ᠬᠠᠷᠢᠭᠤᠴᠠᠯᠭ᠎ᠠ ᠪᠠ

ᠡᠭᠦᠷᠭᠡ ᠶᠢ ᠲᠤᠰᠢᠶᠠᠬᠤ ᠪᠠ ᠭᠥᠯᠢᠶᠡᠨ ᠠᠪᠬᠤ ᠶᠠᠪᠤᠴᠠ ᠶᠢ ᠲᠣᠳᠣᠷᠬᠠᠶᠢᠯᠠᠵᠤ᠂ ᠭᠡᠨᠡᠳᠲᠡ ᠶᠢᠨ ᠬᠢᠵᠢᠭ ᠤᠨ

ᠦᠶ᠎ᠡ ᠳᠤ ᠵᠠᠪᠰᠠᠷ ᠥᠬᠡᠶ ᠵᠣᠯᠭᠠᠭᠤᠯᠬᠤ ᠶᠢ ᠦᠨᠡᠨ ᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ

ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠣᠯᠠᠨ ᠤ ᠡᠷᠡᠭᠦᠯ ᠮᠡᠨᠳᠦ ᠪᠠ ᠠᠮᠤᠷ ᠲᠦᠪᠰᠢᠨ ᠢ ᠨᠠᠩ ᠰᠠᠶᠢᠲᠤᠷ

ᠪᠠᠲᠤᠯᠠᠵᠤ᠂ ᠣᠷᠣᠨ ᠨᠤᠲᠤᠭ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠠᠯᠬᠠᠪᠴᠢ ᠶᠢ

ᠬᠠᠮᠲᠤ ᠪᠠᠷ ᠪᠠᠬᠢᠵᠢᠭᠦᠯᠬᠦ ᠬᠡᠷᠡᠭᠲᠡᠶ ᠭᠡᠵᠡᠶ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2