9 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠳ᠋ᠢᠶᠣᠣ ᠴᠦᠨ ᠬᠠᠢ ᠵᠠᠬᠢᠳᠠᠯ ᠰᠣᠷᠪᠤᠯᠵᠢᠯᠠᠭ᠎ᠠ ᠶᠢᠨ ᠲᠢᠩᠬᠢᠮ ᠳᠤ ᠰᠤᠷᠪᠤᠯᠵᠢᠯᠠᠬᠤ ᠪᠠᠷ | ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠲᠠᠨ | ᠰᠣᠨᠣᠰᠴᠤ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠪᠡ᠃ | ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠨᠢ ᠪᠣᠬᠢᠷ ᠤᠰᠤ ᠶᠢ | ᠰᠢᠢᠳᠪᠦᠷᠢᠯᠡᠬᠦ ᠵᠡᠷᠭᠡ ᠠᠰᠠᠭᠤᠳᠠᠯ ᠳᠤ ᠬᠤᠯᠪᠣᠭᠳᠠᠨ᠎ᠠ᠃ ᠰᠣᠷᠪᠤᠯᠵᠢᠯᠠᠭ᠎ᠠ ᠶᠢ ᠭᠥᠯᠢᠶᠡᠨ ᠠᠪᠬᠤ ᠶᠠᠪᠤᠴᠠ ᠳᠤ᠂ | ᠳ᠋ᠢᠶᠣᠤ ᠴᠦᠨ ᠬᠠᠢ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠴᠤ᠂ ᠪᠢᠴᠢᠭ ᠤᠨ | ᠮᠠᠲ᠋ᠧᠷᠢᠶᠠᠯ ᠢ ᠨᠠᠷᠢᠨ ᠬᠢᠨᠠᠮᠠᠭᠠᠢ ᠤᠩᠰᠢᠵᠤ᠂ ᠤᠴᠢᠷ ᠶᠠᠪᠤᠳᠠᠯ ᠤᠨ ᠤᠭ ᠰᠢᠯᠲᠠᠭᠠᠨ ᠢ ᠨᠠᠷᠢᠨ ᠣᠶᠢᠯᠠᠭᠠᠵᠤ᠂ | ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠳᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ | ᠲᠣᠭᠲᠠᠭᠠᠯ ᠢ ᠬᠦᠯᠢᠴᠡᠩᠭᠦᠢ ᠪᠠᠷ ᠲᠠᠶᠢᠯᠪᠤᠷᠢᠯᠠᠵᠤ᠂ ᠬᠤᠯᠪᠣᠭᠳᠠᠯ ᠪᠦᠬᠦᠢ ᠨᠢᠭᠡᠴᠡ ᠲᠠᠢ ᠰᠢᠢᠳᠪᠦᠷᠢᠯᠡᠬᠦ ᠠᠷᠭ᠎ᠠ ᠶᠢ | ᠰᠤᠳᠤᠯᠵᠤ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠰᠠᠨᠠᠯ ᠢᠶᠠᠨ ᠳᠤᠷᠠᠳᠴᠠᠢ᠃ ᠡᠭᠦᠨ ᠤ ᠬᠠᠮᠲᠤ ᠬᠡᠷᠡᠭ ᠲᠤ | ᠬᠤᠯᠪᠣᠭᠳᠠᠭᠰᠠᠨ ᠨᠢᠭᠡᠴᠡ ᠶᠢ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠤᠭᠤᠴᠠᠭ᠎ᠠ ᠲᠣᠭᠲᠠᠭᠠᠨ | ᠰᠢᠶ᠋ᠳᠪᠦᠷᠢᠯᠡᠨ ᠳᠠᠭᠤᠰᠬᠠᠵᠤ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ | ᠵᠦᠶ᠋ᠯᠡᠰ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠵᠦ ᠪᠣᠳᠠᠲᠠᠶ ᠬᠢᠵᠦ᠂ ᠣᠯᠠᠨ ᠲᠦᠮᠡᠨ ᠤ ᠲᠣᠰ ᠪᠡᠶ᠎ᠡ ᠶᠢᠨ | ᠠᠰᠢᠭ ᠲᠤᠰᠠ ᠶᠢ ᠦᠨᠡᠨᠬᠦ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃ | ᠳ᠋ᠢᠶᠤᠤ ᠴᠦᠨ ᠬᠠᠶ ᠬᠡᠯᠡᠬᠦ ᠳᠡᠭᠡᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠨᠢ ᠣᠯᠠᠨ ᠲᠦᠮᠡᠨ ᠤ ᠲᠣᠰ | ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠲᠠᠢ ᠬᠤᠯᠪᠣᠭᠳᠠᠵᠤ | ᠪᠠᠶᠢᠳᠠᠭ᠂ ᠡᠨᠡ ᠪᠣᠯ ᠨᠠᠮ ᠪᠠ ᠵᠠᠰᠠᠭ ᠤᠨ ᠣᠷᠳᠣᠨ ᠤ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠠᠰᠢᠭ | ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠨᠢᠭᠡ ᠵᠦᠢᠯ ᠤᠨ ᠴᠢᠬᠤᠯᠠ ᠠᠵᠢᠯ ᠮᠥᠨ᠂ ᠣᠯᠠᠨ | ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠡᠳᠬᠢᠯ ᠳᠡᠯᠪᠢᠨ ᠰᠠᠶᠢᠲᠤᠷ | ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠰᠠᠶᠢᠲᠤᠷ | ᠬᠠᠮᠠᠭᠠᠯᠠᠬᠤ ᠬᠡᠷᠡᠭᠲᠡᠶ ᠭᠡᠵᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ | ᠰᠢᠢᠳᠪᠦᠷᠢᠯᠡᠭᠰᠡᠨ ᠪᠠᠶᠢᠳᠠᠯ ᠢ ᠨᠠᠷᠢᠨ ᠬᠢᠨᠠᠮᠠᠭᠠᠢ ᠵᠣᠬᠢᠴᠠᠭᠤᠯᠤᠨ ᠮᠥᠷᠳᠡᠵᠦ᠂ ᠰᠢᠢᠳᠪᠦᠷᠢᠯᠡᠭᠰᠡᠨ ᠦᠷ᠎ᠡ ᠳ᠋ᠦᠩ ᠢ | ᠴᠠᠭ ᠲᠤᠬᠠᠢ ᠳᠤᠨᠢ ᠬᠠᠷᠢᠭᠤ ᠲᠤᠰᠬᠠᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ | ᠬᠠᠷᠢᠭᠤ ᠥᠭᠬᠦ ᠶᠢ ᠪᠠᠲᠤᠯᠠᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠷᠪᠤᠯᠵᠢᠯᠠᠭ᠎ᠠ ᠶᠢ ᠬᠦᠯᠢᠶᠡᠨ ᠠᠪᠬᠤ ᠳᠤ ᠣᠷᠣᠯᠴᠠᠪᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |