ᠬᠤᠸᠠᠳᠧ ᠰᠢᠶᠠᠨ 2024 ᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠶᠢᠨ ᠲᠠᠯᠠᠪᠠᠶ ᠶᠢᠨ ᠪᠥᠵᠢᠭ ︵ᠪᠡᠶ᠎ᠡ ᠴᠢᠭᠢᠷᠠᠭᠵᠢᠭᠤᠯᠬᠤ ᠲᠠᠮᠢᠷ︶ ᠤᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/9/3

    ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠢᠳᠡᠷ ᠥᠲᠡᠯᠦᠭᠡ

ᠨᠠᠰᠤᠨ ᠤ ᠡᠷᠡᠭᠦᠯ ᠴᠢᠭᠢᠷᠠᠭ ᠪᠠᠶᠠᠷ ᠬᠥᠷ ᠲᠠᠢ ᠠᠮᠢᠳᠤᠷᠠᠯ ᠤᠨ ᠪᠠᠶᠢᠳᠠᠯ ᠪᠠ ᠢᠳᠡᠪᠬᠢᠲᠡᠶ ᠪᠠᠷ ᠥᠭᠡᠳᠡᠯᠡᠨ ᠳᠠᠪᠰᠢᠬᠤ

ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠨ᠎ᠡ᠃ 8 ᠰᠠᠷ᠎ᠠ ᠶᠢᠨ 28 ᠤ ᠡᠳᠦᠷ᠂ ᠰᠢᠶᠠᠨ ᠤ ᠰᠤᠷᠭᠠᠨ

ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ

ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ

ᠪᠠᠶᠢᠭᠤᠯᠤᠭᠳᠠᠭᠰᠠᠨ ᠳᠥᠴᠢᠨ ᠵᠢᠯ ᠤᠨ ᠣᠶ ᠶᠢ ᠳᠤᠷᠠᠰᠬᠠᠬᠤ ᠵᠢᠴᠢ 2024 ᠣᠨ ᠤ ᠪᠥᠬᠦ ᠠᠷᠠᠳ ᠤᠨ ᠪᠡᠶ᠎ᠡ

ᠴᠢᠭᠢᠷᠠᠭᠵᠢᠭᠤᠯᠬᠤ ᠰᠢᠷᠢᠰ ᠠᠵᠢᠯᠯᠠᠭᠠᠨ ᠤ ᠲᠠᠯᠠᠪᠠᠶ ᠶᠢᠨ ᠪᠥᠵᠢᠭ ︵ᠪᠡᠶ᠎ᠡ ᠴᠢᠭᠢᠷᠠᠭᠵᠢᠭᠤᠯᠬᠤ ᠲᠠᠮᠢᠷ︶ ᠤᠨ

ᠤᠷᠤᠯᠳᠤᠭᠠᠨ ᠳ᠋ᠧ ᠱᠧᠩ ᠲᠠᠯᠠᠪᠠᠶ ᠳᠤ ᠶᠠᠪᠤᠭᠳᠠᠵᠤ᠂ ᠪᠥᠬᠦ ᠰᠢᠶᠠᠨ ᠤ 12 ᠡᠩᠨᠡᠭᠡ ᠤᠷᠤᠯᠳᠤᠭᠠᠨ ᠳᠤ

ᠣᠷᠣᠯᠴᠠᠪᠠ᠃

1725000048768022035.png

    ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠡᠯ᠎ᠡ ᠤᠷᠤᠯᠳᠤᠭᠠᠨ ᠤ ᠠᠩᠭᠢ ᠲᠤᠰ ᠲᠤᠰ ᠤᠨ ᠴᠤᠭ

ᠵᠢᠪᠬᠤᠭ᠎ᠠ ᠪᠠᠨ ᠭᠠᠶᠢᠬᠠᠭᠤᠯᠪᠠ᠃ ᠣᠯᠠᠨ ᠢᠶᠠᠷ ᠢᠶᠠᠨ ᠲᠡᠷᠢ ᠲᠡᠭᠰᠢ ᠬᠤᠪᠴᠠᠰᠤ ᠬᠤᠨᠠᠷ ᠢᠶᠠᠨ ᠡᠮᠦᠰᠴᠦ᠂ ᠢᠷᠠᠭᠤ

ᠰᠠᠶᠢᠬᠠᠨ ᠪᠥᠵᠢᠭ ᠤᠨ ᠳᠦᠷᠢ ᠲᠥᠷᠬᠦ᠂ ᠬᠦᠩᠬᠡᠨ ᠠᠯᠬᠤᠭ᠎ᠠ᠂ ᠠᠮᠢᠵᠢᠷᠠᠯ ᠤᠨ ᠬᠦᠴᠦᠨ ᠲᠠᠢ ᠲᠣᠭᠯᠠᠯᠲᠠ ᠶᠢᠨ

ᠠᠷᠭ᠎ᠠ ᠬᠡᠯᠪᠡᠷᠢ ᠪᠠᠷ ᠰᠠᠶᠢᠨ ᠰᠠᠶᠢᠬᠠᠨ ᠴᠤᠭ ᠰᠦᠯᠳᠡ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠴᠤᠭ

ᠵᠢᠪᠬᠤᠭ᠎ᠠ ᠶᠢ ᠢᠯᠡᠷᠡᠭᠦᠯᠪᠡ᠃ ᠲᠤᠬᠠᠶ ᠶᠢᠨ ᠲᠠᠯᠠᠪᠠᠶ ᠶᠢᠨ ᠰᠢᠯᠭᠠᠷᠠᠭᠤᠯᠬᠤ ᠺᠣᠮᠢᠰ ᠤᠨ ᠭᠡᠰᠢᠭᠦᠨ ᠲᠣᠰ ᠤᠳᠠᠭᠠᠨ ᠤ

ᠤᠷᠤᠯᠳᠤᠭᠠᠨ ᠤ ᠭᠤᠤᠯ ᠰᠡᠳᠦᠪᠲᠦ ᠱᠠᠭᠠᠷᠳᠠᠯᠭ᠎ᠠ᠂ ᠤᠷᠤᠯᠳᠤᠭᠠᠨ ᠳᠤ ᠣᠷᠣᠯᠴᠠᠬᠤ ᠡᠩᠨᠡᠭᠡ ᠶᠢᠨ ᠬᠥᠳᠡᠯᠭᠡᠭᠡᠨ ᠤ

ᠨᠠᠶᠢᠷᠠᠭᠤᠯᠤᠯ᠂ ᠲᠡᠷᠢ ᠲᠡᠭᠰᠢ ᠬᠡᠮᠵᠢᠶ᠎ᠡ᠂ ᠢᠯᠡᠷᠡᠭᠦᠯᠬᠦ ᠬᠦᠴᠦᠨ᠂ ᠪᠡᠶᠡᠯᠡᠭᠦᠯᠬᠦ ᠶᠠᠰᠤ ᠴᠢᠨᠠᠷ᠂ ᠠᠩᠭᠢ ᠶᠢᠨ

ᠬᠡᠯᠪᠡᠷᠢ ᠶᠢᠨ ᠬᠡᠮᠵᠢᠭᠦᠷ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠡᠷᠭᠡ ᠲᠤᠯᠤᠭᠠᠨ ᠲᠠᠯ᠎ᠠ ᠪᠠᠷ

ᠬᠤᠪᠢ ᠲᠣᠭᠲᠠᠭᠠᠨ᠎ᠠ᠃ ᠥᠷᠭᠡᠨ ᠣᠯᠠᠨ ᠤᠷᠤᠯᠳᠤᠭᠠᠨ ᠳᠤ ᠣᠷᠣᠯᠴᠠᠭᠰᠠᠳ ᠲᠤ ᠥᠪᠡᠷ ᠢ ᠪᠠᠨ ᠳᠡᠯᠭᠡᠨ

ᠦᠵᠡᠭᠦᠯᠬᠦ᠂ ᠬᠠᠷᠢᠯᠴᠠᠨ ᠰᠣᠯᠢᠯᠴᠠᠬᠤ᠂ ᠤᠷ᠎ᠠ ᠮᠡᠷᠭᠡᠵᠢᠯ ᠢᠶᠠᠨ ᠳᠡᠭᠡᠭᠰᠢᠯᠡᠭᠦᠯᠬᠦ ᠲᠠᠪᠴᠠᠩ ᠬᠠᠩᠭᠠᠬᠤ ᠬᠡᠷᠡᠭᠲᠡᠶ᠃

1725000040472043595.png

    ᠲᠣᠰ ᠤᠳᠠᠭᠠᠨ ᠤ ᠤᠷᠤᠯᠳᠤᠭᠠᠨ ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠤᠯᠠᠮ

ᠨᠢᠭᠡ ᠠᠯᠬᠤᠮ ᠳᠥᠯᠭᠢᠨ ᠠᠬᠢᠭᠤᠯᠵᠤ᠂ ᠢᠳᠡᠷ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ

ᠭᠦᠨᠵᠡᠭᠡᠶᠢᠷᠡᠨ ᠥᠷᠨᠢᠬᠦ ᠶᠢ ᠳᠥᠯᠭᠢᠨ ᠠᠬᠢᠭᠤᠯᠵᠤ᠂ ᠮᠠᠨ ᠤ ᠰᠢᠶᠠᠨ ᠤ ᠪᠠᠶᠠᠯᠢᠭ ᠰᠠᠶᠢᠬᠠᠨ ᠰᠣᠶᠣᠯ ᠤᠨ

ᠠᠮᠢᠳᠤᠷᠠᠯ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠨᠠᠩ ᠣᠯᠠᠨ ᠬᠥᠮᠦᠨ ᠳᠤ

ᠲᠠᠯᠠᠪᠠᠶ ᠶᠢᠨ ᠪᠥᠵᠢᠭ ᠪᠠ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠷᠢᠳᠢ ᠰᠢᠳᠢ ᠶᠢ ᠣᠶᠢᠯᠠᠭᠠᠭᠤᠯᠵᠤ᠂

ᠪᠡᠶ᠎ᠡ ᠴᠢᠭᠢᠷᠠᠭᠵᠢᠭᠤᠯᠬᠤ ᠡᠩᠨᠡᠭᠡᠨ ᠳᠤ ᠣᠷᠣᠭᠤᠯᠤᠨ᠂ ᠡᠷᠡᠭᠦᠯ ᠴᠢᠭᠢᠷᠠᠭ᠂ ᠪᠠᠶᠠᠷ ᠬᠥᠷ ᠲᠠᠢ ᠠᠮᠢᠳᠤᠷᠠᠯ ᠢ

ᠬᠠᠮᠲᠤ ᠪᠠᠷ ᠡᠳ᠋ᠯᠡᠭᠦᠯᠪᠡ᠃

    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ ᠶᠢᠨ

ᠰᠣᠶᠣᠯ ᠤᠨ ᠠᠵᠢᠯᠯᠠᠭ᠎ᠠ ᠶᠢᠨ ᠵᠢᠯᠣᠭᠤᠳᠬᠤ ᠭᠠᠵᠠᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ

ᠸᠠᠩ ᠶᠢᠨ ᠢᠦᠶ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠴᠢᠩ ᠾᠧ᠂

ᠰᠢᠶᠠᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠾᠧ ᠸᠠᠨ ᠪᠦᠦ ᠵᠢᠴᠢ

ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ  

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2