ᠴᠢ ᠹᠸᠢ ᠶᠦᠨ ᠬᠤᠸᠠᠳᠧ ᠰᠢᠶᠠᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/3

      8 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ

ᠳᠠᠷᠤᠭ᠎ᠠ ᠴᠢ ᠹᠸᠢ ᠶᠦᠨ ᠬᠤᠸᠠᠳᠧ ᠰᠢᠶᠠᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ

ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠡᠯᠡᠰᠦ ᠶᠢ

ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ

ᠴᠤᠬᠴᠠᠵᠢᠭᠤᠯᠤᠬᠰᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃

    ᠳᠡᠪᠡᠭᠡᠲᠤ ᠰᠢᠶᠠᠩ ᠤᠨ ᠳᠡᠪᠡᠭᠡᠲᠤ ᠲᠣᠰᠬᠤᠨ ᠳᠤ᠂ ᠴᠢ ᠹᠸᠢ ᠶᠦᠨ ᠦᠨᠳᠦᠰᠦᠨ ᠱᠠᠲᠤᠨ ᠤ ᠨᠠᠮ ᠤᠨ

ᠭᠡᠰᠢᠭᠦᠨ ᠺᠠᠳ᠋ᠷ ᠤᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠪᠦᠬᠦᠳᠡ ᠬᠤᠷᠠᠯ ᠤᠨ ᠵᠣᠷᠢᠭ ᠰᠠᠨᠠᠭᠠᠨ ᠤ

ᠲᠣᠭᠤᠷᠢᠨ ᠳᠤ ᠲᠦᠷᠦᠭᠳᠡᠯ ᠢᠶᠠᠨ ᠶᠠᠷᠢᠵᠤ᠂ ᠰᠡᠳᠬᠢᠴᠡ ᠪᠠᠨ ᠶᠠᠷᠢᠯᠴᠠᠭᠰᠠᠨ ᠪᠥᠭᠡᠳ ᠨᠠᠰᠤᠵᠢᠯ ᠤᠨ ᠠᠰᠠᠷᠠᠮᠵᠢ᠂

ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠷᠣᠯᠠᠭᠤᠯᠤᠭᠰᠠᠨ᠂ ᠠᠷᠠᠳ ᠠᠴᠠ

ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠠᠮ ᠤᠨ

ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠨᠢᠭᠡ ᠤᠳᠠᠭ᠎ᠠ ᠶᠢᠨ ᠴᠠᠭ

ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠤᠨ᠎ᠠ᠂ ᠪᠦᠬᠦᠳᠡ ᠬᠤᠷᠠᠯ ᠤᠨ ᠵᠣᠷᠢᠭ

ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠥᠳᠡᠭᠡ ᠲᠣᠰᠬᠤᠨ ᠤ ᠪᠣᠳᠠᠲᠤ ᠪᠠᠶᠢᠳᠠᠯ ᠲᠠᠢ ᠨᠢᠭᠲᠠ

ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂

ᠬᠥᠭᠵᠢᠯᠲᠡ ᠶᠢᠨ ᠬᠠᠷᠠᠯᠲᠠ ᠪᠠᠨ ᠲᠣᠳᠣᠷᠬᠠᠶᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ

ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ

ᠦᠢᠯᠡᠳᠦᠯ ᠢ ᠴᠢᠩᠭᠠᠳᠬᠠᠵᠤ᠂ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠦᠨ᠂

ᠲᠠᠷᠢᠶᠠᠯᠠᠩ ᠮᠠᠯ ᠠᠵᠤ ᠠᠬᠤᠶ ᠶᠢᠨ ᠬᠡᠪᠴᠢᠶᠡᠵᠢᠭᠰᠡᠨ᠂ ᠠᠵᠤ ᠦᠶᠢᠯᠡᠰᠵᠢᠭᠰᠡᠨ᠂ ᠨᠠᠷᠠᠲᠤ ᠲᠡᠮᠳᠡᠭᠵᠢᠭᠰᠡᠨ᠂

ᠳᠡᠭᠡᠳᠦ ᠲᠠᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ

ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ

ᠮᠠᠨᠳᠤᠭᠤᠯᠬᠤ ᠶᠢ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠶᠢᠨ ᠴᠣᠭᠴᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ

ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ

ᠭᠦᠢᠴᠡᠳ ᠪᠠᠳᠠᠷᠠᠭᠤᠯᠵᠤ᠂ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ︽ᠭᠡᠷ᠎ᠡ ᠶᠢᠨ ᠵᠣᠷᠢᠭ

ᠰᠠᠨᠠᠭ᠎ᠠ︾ ᠶᠢ ᠪᠤᠢ ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ

ᠬᠡᠷᠡᠭᠲᠡᠢ᠃

    ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ

ᠴᠤᠭᠴᠠᠵᠢᠭᠤᠯᠤᠭᠰᠠᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠴᠢ ᠹᠸᠢ ᠶᠦᠨ ᠲᠥᠷᠥᠯ

ᠵᠦᠢᠯ ᠤᠨ ᠠᠬᠢᠴᠠ ᠶᠢᠨ ᠪᠠᠶᠢᠳᠠᠯ ᠢ ᠭᠦᠨᠵᠡᠭᠡᠶ ᠣᠶᠢᠯᠠᠭᠠᠪᠠ᠃ ᠲᠡᠷᠡ᠂ ᠨᠠᠷᠢᠯᠢᠭ ᠲᠥᠯᠥᠪᠵᠢᠭᠦᠯᠵᠦ᠂ ᠨᠠᠷᠢᠯᠢᠭ

ᠣᠨᠣᠴᠠᠲᠠᠶ ᠪᠠᠷ ᠲᠥᠰᠦᠭᠡᠯᠡᠨ ᠪᠤᠳᠤᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠲᠥᠷᠥᠯ

ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠴᠢᠬᠢ ᠮᠣᠳᠣ ᠳᠠᠷᠢᠬᠤ᠂ ᠰᠡᠭᠦᠯᠴᠢ ᠶᠢᠨ ᠬᠤᠭᠤᠴᠠᠭᠠᠨ ᠤ

ᠬᠠᠮᠢᠶᠠᠷᠤᠯᠲᠠ ᠬᠠᠮᠠᠭᠠᠯᠠᠯᠲᠠ ᠵᠡᠷᠭᠡ ᠡᠯ᠎ᠡ ᠵᠦᠢᠯ ᠤᠨ ᠠᠵᠢᠯ ᠢ ᠬᠠᠨᠳᠤᠯᠭᠠᠲᠤ ᠴᠢᠨᠠᠷᠲᠠᠶ ᠪᠠᠷ ᠰᠠᠶᠢᠲᠤᠷ ᠬᠢᠬᠦ

ᠬᠡᠷᠡᠭᠲᠡᠶ᠃ ᠲᠦᠷᠦᠯ ᠵᠦᠢᠯ ᠤᠨ ᠶᠠᠰᠤ ᠴᠢᠨᠠᠷ ᠢ ᠪᠠᠲᠤᠯᠠᠵᠤ᠂ ᠰᠢᠯᠭᠠᠨ ᠠᠪᠴᠤ ᠬᠢᠨᠠᠨ ᠪᠠᠶᠢᠴᠠᠭᠠᠬᠤ ᠶᠢ

ᠴᠢᠩᠳᠠᠯᠠᠵᠤ᠂ ᠨᠢᠭᠡ ᠬᠡᠰᠡᠭ ᠵᠠᠰᠠᠬᠤ᠂ ᠨᠢᠭᠡ ᠬᠡᠰᠡᠭ ᠪᠦᠲᠦᠭᠡᠬᠦ᠂ ᠨᠢᠭᠡ ᠬᠡᠰᠡᠭ ᠨᠣᠭᠤᠭᠠᠷᠠᠭᠤᠯᠬᠤ ᠶᠢ ᠪᠠᠲᠤᠯᠠᠬᠤ

ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ

ᠲᠣᠰᠬᠤᠨ ᠤ ᠪᠦᠳᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ

ᠠᠵᠢᠯ ᠢ ᠤᠶᠠᠯᠳᠤᠭᠤᠯᠵᠤ᠂ ᠠᠮᠢ ᠠᠬᠤᠢ ᠶᠢ ᠰᠡᠷᠭᠦᠭᠡᠬᠦ᠂ ᠠᠵᠤ ᠦᠢᠯᠡᠰ ᠢ ᠬᠥᠭᠵᠢᠭᠦᠯᠬᠦ᠂ ᠤᠯᠠᠨ ᠲᠦᠮᠡᠨ ᠤ

ᠣᠷᠣᠯᠭ᠎ᠠ ᠶᠢ ᠨᠡᠮᠡᠭᠳᠡᠭᠦᠯᠬᠦ ᠶᠢ ᠤᠶᠠᠯᠳᠤᠭᠤᠯᠬᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠵᠠᠮ ᠢ

ᠰᠦᠪᠡᠭᠴᠢᠯᠡᠬᠦ ᠬᠡᠷᠡᠭᠲᠡᠢ᠃

    ᠪᠠᠶᠢᠴᠠᠭᠠᠨ ᠰᠤᠳᠤᠯᠤᠯᠲᠠ ᠬᠢᠬᠦ ᠵᠠᠮ ᠳᠠᠭᠠᠨ᠂ ᠴᠢ ᠹᠸᠢ ᠶᠦᠨ ᠪᠠᠰᠠ ᠤᠯᠤᠰ ᠮᠤᠵᠢ ᠶᠢᠨ ᠭᠤᠣᠯ ᠵᠠᠮ

ᠳᠠᠭᠠᠤ ᠶᠢᠨ ᠵᠣᠷᠯᠣᠩ᠂ ᠵᠤᠭᠠᠴᠠᠯ ᠤᠨ ᠵᠣᠷᠯᠣᠩ ᠤᠨ ᠪᠦᠳᠦᠭᠡᠨ ᠪᠠᠶᠢᠭᠤᠯᠤᠯᠲᠠ ᠬᠠᠮᠢᠶᠠᠷᠤᠯᠲᠠ ᠵᠡᠷᠭᠡ ᠪᠠᠶᠢᠳᠠᠯ ᠢ

ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃

    ᠹᠠᠩ ᠽᠧ ᠣᠷᠣᠯᠴᠠᠵᠠᠢ᠃

    ᠢᠷᠡᠯᠲᠡ᠄ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠨᠡᠶᠢᠳᠡᠯᠡᠪᠡ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2