ᠴᠠᠩ ᠳ᠋ᠠ ᠸᠧᠢ ᠪᠦᠯᠬᠦᠮ ᠳᠠᠭᠠᠭᠤᠯᠤᠨ ᠾᠧᠪᠸᠢ ᠮᠤᠵᠢ ᠳᠤ ᠬᠦᠷᠴᠦ ᠰᠢᠨᠵᠢᠯᠡᠨ ᠪᠠᠶᠢᠴᠠᠭᠠᠵᠤ ᠬᠤᠳᠠᠯᠳᠤᠭᠠᠴᠢᠨ ᠤᠷᠢᠪᠠ
ᠨᠡᠶᠢᠲᠡᠯᠡᠭᠰᠡᠨ ᠴᠠᠭ᠄
2024/9/3

    8 ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ

ᠴᠠᠩ ᠳ᠋ᠠ ᠸᠧᠶ ᠳᠤᠭᠤᠶᠢᠯᠠᠩ ᠳᠠᠭᠠᠭᠤᠯᠤᠨ ᠾᠧᠪᠸᠢ ᠮᠤᠵᠢ ᠶᠢᠨ ᠰᠢᠨ ᠴᠤᠭᠯᠠᠭ᠎ᠠ ᠮᠠᠶᠢᠮᠠᠶ ᠳᠤ ᠬᠦᠷᠴᠦ

ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠵ᠊᠂ ᠠᠵᠤ ᠠᠬᠤᠶᠢᠯᠠᠯ ᠲᠠᠢ ᠵᠣᠯᠭᠠᠭᠤᠯᠤᠨ᠂

ᠬᠠᠮᠲᠤᠷᠠᠯᠴᠠᠭ᠎ᠠ ᠬᠢᠪᠠ᠃

    ᠴᠠᠩ ᠳ᠋ᠠ ᠸᠧᠢ ᠨᠡᠷ ᠤᠷᠢᠳ ᠬᠤᠵᠢᠳ ᠰᠢ ᠪᠥᠸᠧ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂

ᠱᠦᠨ ᠯᠦᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠣᠯᠤᠨ ᠰᠢᠨ ᠵᠢᠢ ᠵᠢᠢ ᠬᠢᠮᠢ ᠶᠢᠨ ᠠᠵᠤ

ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢ ᠲᠤᠬᠠᠢ ᠶᠢᠨ ᠭᠠᠵᠠᠷ ᠲᠤᠨᠢ

ᠰᠢᠨᠵᠢᠯᠡᠨ ᠪᠠᠶᠢᠴᠠᠭᠠᠪᠠ᠃ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠭᠰᠡᠨ

ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ᠂

ᠦᠢᠯᠡᠳᠪᠦᠷᠢᠯᠡᠯ ᠤᠨ ᠬᠡᠪᠴᠢᠶ᠎ᠡ᠂ ᠪᠡᠯᠡ ᠣᠷᠣᠭᠤᠯᠤᠯᠲᠠ ᠶᠢᠨ ᠰᠠᠨᠠᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂

ᠲᠦᠷᠦᠯ ᠵᠦᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠮᠡᠷᠭᠡᠵᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ

ᠵᠡᠷᠭᠡ ᠲᠠᠯ᠎ᠠ ᠪᠠᠷ ᠵᠣᠯᠭᠠᠭᠤᠯᠪᠠ᠃

    ᠶᠠᠷᠢᠯᠴᠠᠬᠤ ᠬᠤᠷᠠᠯ ᠳᠡᠭᠡᠷ᠎ᠡ᠂ ᠴᠠᠩ ᠳ᠋ᠠ ᠸᠧᠢ ᠡᠯ᠎ᠡ ᠠᠵᠤ ᠠᠬᠤᠶᠢᠯᠠᠯ ᠪᠣᠯᠤᠨ ᠬᠦᠷᠢᠶᠡᠯᠡᠩ ᠲᠣᠭᠤᠷᠢᠭ ᠤᠨ

ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠳᠤ ᠬᠤᠸᠠᠳᠧ ᠶᠢᠨ ᠠᠵᠤ ᠦᠢᠯᠡᠰ ᠤᠨ ᠪᠠᠶᠢᠷᠢᠰᠢᠭᠤᠯᠤᠯᠲᠠ᠂

ᠣᠷᠣᠨ ᠪᠠᠶᠢᠷᠢ ᠶᠢᠨ ᠳᠠᠪᠠᠭᠤᠯᠢᠭ  ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠪᠣᠯᠤᠨ ᠠᠵᠤ ᠠᠬᠤᠢ

ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠬᠤᠸᠠᠳᠧ ᠳᠤ ᠣᠷᠣᠨ ᠪᠠᠶᠢᠷᠢ ᠶᠢᠨ ᠵᠠᠮ

ᠬᠠᠷᠢᠯᠴᠠᠭ᠎ᠠ᠂ ᠴᠠᠬᠢᠯᠭᠠᠨ ᠤ ᠦᠨ᠎ᠡ᠂ ᠭᠠᠵᠠᠷ ᠤᠨ ᠦᠨ᠎ᠡ ᠶᠢᠨ ᠥᠪᠡᠷᠮᠢᠴᠡ ᠳᠠᠪᠠᠭᠤᠯᠢᠭ ᠲᠠᠢ᠂ ᠲᠡᠮᠦᠷ ᠤᠨ

ᠬᠠᠶᠢᠯᠤᠰᠢ᠂ ᠰᠢᠨ᠎ᠡ ᠡᠨᠧᠷᠭᠢ᠂ ᠬᠤᠪᠴᠠᠰᠤ ᠬᠤᠨᠠᠷ ᠵᠡᠷᠭᠡ ᠠᠵᠤ ᠦᠢᠯᠡᠰ ᠤᠨ ᠰᠠᠭᠤᠷᠢ ᠪᠠᠲᠤ ᠪᠠᠬᠢ᠂ ᠠᠮᠢ

ᠠᠬᠤᠢ ᠶᠢᠨ ᠣᠷᠴᠢᠨ ᠲᠣᠭᠤᠷᠢᠨ ᠰᠢᠯᠢᠳᠡᠭ ᠰᠠᠶᠢᠨ᠂ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠂

ᠡᠯ᠎ᠡ ᠠᠵᠤ ᠠᠬᠤᠶᠢᠯᠠᠯ ᠢ ᠬᠤᠸᠠᠳᠧ ᠳᠤ ᠤᠷᠢᠵᠤ ᠪᠡᠯᠡ ᠣᠷᠣᠭᠤᠯᠬᠤ ᠶᠢ ᠴᠢᠩ ᠰᠡᠳᠬᠢᠯ ᠠᠴᠠ ᠪᠠᠨ ᠤᠷᠢᠵᠤ᠂

ᠠᠵᠤ ᠠᠬᠤᠶᠢᠯᠠᠯᠲᠠᠨ ᠲᠠᠢ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ ᠤᠯᠤᠯᠴᠠᠭ᠎ᠠ ᠵᠣᠯᠭᠠᠯᠴᠠᠭ᠎ᠠ ᠪᠠᠨ

ᠴᠢᠩᠭᠠᠳᠬᠠᠵᠤ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠲᠥᠯᠥᠪᠵᠢᠭᠦᠯᠭᠡ ᠪᠠᠨ

ᠴᠢᠩᠭᠠᠳᠬᠠᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ

ᠭᠡᠵᠦ ᠢᠯᠡᠳᠬᠡᠪᠡ᠃ ᠬᠤᠸᠠᠳᠧ ᠴᠢᠬᠤᠯᠠ ᠡᠯᠧᠮᠧᠨ᠋ᠲ ᠤᠨ ᠪᠠᠲᠤᠯᠠᠭ᠎ᠠ ᠪᠣᠯᠤᠨ ᠲᠦᠷᠦᠯ ᠵᠦᠢᠯ ᠤᠨ ᠦᠢᠯᠡᠴᠢᠯᠡᠭᠡ ᠶᠢ

ᠪᠦᠬᠦ ᠲᠠᠯ᠎ᠠ ᠪᠠᠷ ᠰᠠᠶᠢᠲᠤᠷ ᠬᠢᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ

ᠦᠨᠡᠨᠬᠦ ᠠᠬᠢᠭᠤᠯᠤᠨ᠎ᠠ᠃

    ᠡᠯ᠎ᠡ ᠠᠵᠤ ᠠᠬᠤᠶᠢᠯᠠᠯ ᠤᠨ ᠬᠢᠨ ᠵᠠᠬ᠎ᠠ ᠳᠡᠯᠭᠡᠭᠦᠷ ᠢᠶᠠᠨ ᠥᠷᠭᠡᠳᠬᠡᠬᠦ ᠡᠷᠴᠢᠮ ᠢᠶᠠᠨ ᠴᠢᠨᠠᠭᠰᠢᠳᠠ

ᠴᠢᠩᠭᠠᠷᠠᠭᠤᠯᠵᠤ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠵᠣᠯᠭᠠᠭᠤᠯᠬᠤ ᠪᠠᠷ ᠠᠵᠠ ᠲᠣᠬᠢᠶᠠᠯ ᠪᠣᠯᠭᠠᠵᠤ᠂

ᠤᠯᠤᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠵᠦ  ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ᠂ ᠠᠵᠤ

ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠵᠡᠷᠭᠡ ᠲᠠᠯ᠎ᠠ ᠪᠠᠷ ᠨᠡᠩ ᠤᠯᠠᠨ ᠭᠦᠨᠵᠡᠭᠡᠢ

ᠬᠠᠮᠲᠤᠷᠠᠯᠴᠠᠭ᠎ᠠ ᠬᠢᠬᠦ ᠪᠠᠷ ᠴᠢᠷᠮᠠᠶᠢᠵᠤ᠂ ᠨᠡᠩ ᠤᠯᠠᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠦᠷ᠎ᠡ

ᠪᠦᠲᠦᠭᠡᠯ ᠤᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2