8 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠰᠢᠶᠠᠨ ᠤ | ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 8 ᠳ᠋ᠤᠭᠠᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠰᠤᠷᠤᠯᠴᠠᠯᠭ᠎ᠠ ᠶᠢᠨ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠡᠶᠢᠭᠡᠮ ᠵᠢᠷᠤᠮ ᠤᠨ ᠳᠡᠭᠡᠳᠦ | ᠰᠤᠷᠭᠠᠭᠤᠯᠢ ᠶᠢᠨ ᠳᠡᠳ᠋ ᠳᠠᠷᠤᠭ᠎ᠠ᠂ ᠫᠷᠤᠹᠧᠰᠰᠤᠷ ᠸᠠᠩ ᠶᠦᠩ ᠯᠢ ᠶᠢ ᠤᠷᠢᠵᠤ ︽ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠳᠤ ᠦᠨᠡᠨ ᠪᠣᠳᠠᠲᠠᠶ ᠲᠥᠷᠥᠭᠳᠡᠯ ᠲᠠᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠲᠦᠮᠵᠢᠲᠡᠶ ᠪᠠᠲᠤ ᠴᠣᠭᠴᠠᠯᠠᠶ᠎ᠠ︾ | ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠲᠠᠶᠢᠯᠤᠮᠵᠢ ᠨᠢ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠱᠠᠰᠢᠨ ᠰᠤᠷᠲᠠᠬᠤᠨ ᠤ ᠠᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠠᠭᠤᠯᠤᠭᠳᠠᠬᠤᠨ ᠵᠢᠴᠢ ᠬᠥᠭᠵᠢᠯᠲᠡ ᠶᠢᠨ ᠰᠤᠳᠠᠰᠤ ᠶᠢ ᠪᠠᠲᠤ ᠴᠣᠭᠴᠠᠯᠠᠬᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠶ ᠲᠠᠨᠢᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠦᠢᠯᠡᠳᠦᠯᠭᠡ ᠶᠢᠨ ᠠᠷᠭ᠎ᠠ ᠵᠠᠮ ᠢ ᠪᠠᠲᠤ ᠡᠵᠡᠮᠳᠡᠬᠦ ᠳᠥᠷᠪᠡᠨ ᠲᠠᠯ᠎ᠠ ᠪᠠᠷ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠢᠨᠵᠢᠯᠡᠬᠦ ᠤᠬᠠᠭᠠᠨᠴᠢ | ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ | ᠰᠢᠶᠠᠨ ᠤ ᠤᠳᠤᠷᠢᠳᠤᠯᠭ᠎ᠠ ᠦ᠋ ᡁᠢ ᠢᠦᠢ᠂ ᠯᠢᠦ ᠱᠦ ᠮᠧᠢ᠂ ᠯᠢ ᠰᠢᠨ᠂ ᠯᠢᠦ ᠴᠢᠩ ᠾᠧ ᠨᠡᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠣᠭᠤᠷᠢᠨ ᠳᠤ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠠᠴᠠ᠂ ᠰᠢᠶᠠᠨ ᠤ ᠨᠠᠮ ᠤᠨ ᠬᠤᠷᠢᠶᠠᠨ ᠤ ᠭᠤᠣᠯ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠠᠭᠤᠯᠭ᠎ᠠ᠂ ᠵᠣᠷᠢᠭ | ᠰᠠᠨᠠᠭᠠᠨ ᠤ ᠮᠥᠨ ᠴᠢᠨᠠᠷ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠴᠢᠬᠤᠯᠠ ᠠᠵᠢᠯ | ᠪᠣᠯᠭᠠᠵᠤ᠂ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾ ᠵᠡᠷᠭᠡ ᠭᠤᠣᠯᠳᠠᠯᠭ᠎ᠠ ᠲᠠᠢ ᠠᠵᠢᠯ ᠲᠠᠢ | ᠤᠶᠠᠯᠳᠤᠭᠤᠯᠵᠤ᠂ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠠᠳᠬᠤᠬᠤ ᠬᠡᠷᠡᠭᠲᠡᠢ᠃ ᠪᠣᠳᠠᠲᠠᠢ ᠠᠵᠢᠯ ᠢ ᠴᠢᠬᠤᠯᠠᠴᠢᠯᠠᠵᠤ᠂ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ | ᠪᠣᠳᠠᠲᠠᠢ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠪᠣᠳᠣᠯᠬᠢᠯᠠᠨ ᠰᠤᠳᠤᠯᠵᠤ᠂ ᠭᠤᠣᠯ ᠰᠢᠵᠢᠮ ᠢ ᠲᠤᠤᠱᠯᠠᠭᠤᠯᠬᠤ | ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠬᠤ ᠪᠠᠷ ᠴᠢᠷᠮᠠᠶᠢᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠤᠨ᠂ ᠭᠤᠤᠯ | ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ᠂ ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ ᠬᠡᠯᠪᠡᠷᠢ ᠶᠢ ᠬᠡᠷᠡᠭᠯᠡᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢ ᠺᠠᠳ᠋ᠷ ᠣᠯᠠᠨ ᠲᠦᠮᠡᠨ ᠤ ᠳᠤᠮᠳᠠ ᠭᠦᠨ ᠦᠨᠳᠦᠰᠦᠯᠡᠭᠦᠯᠵᠦ᠂ ᠤᠬᠠᠮᠰᠠᠷ ᠢ ᠪᠦᠷᠢᠯᠳᠦᠭᠦᠯᠬᠦ | ᠬᠡᠷᠡᠭᠲᠡᠶ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |