︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠬᠤᠷᠢᠶ᠎ᠠ ᠬᠤᠸᠠᠳᠧ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/9/3

     8 ᠰᠠᠷ᠎ᠠ ᠶᠢᠨ 26 ᠤ ᠡᠳᠦᠷ᠂ ᠶᠢᠰᠦ ᠭᠤᠷᠪᠠ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠪᠡᠭᠡᠵᠢᠩ

ᠬᠤᠳᠠ ᠶᠢᠨ ᠳ᠋ᠦᠩ ᠴᠧᠩ ᠲᠣᠭᠤᠷᠢᠭ ᠤᠨ ᠬᠤᠷᠢᠶ᠎ᠠ ᠶᠢᠨ ᠳᠡᠳ᠋ ᠡᠷᠬᠢᠯᠡᠭᠴᠢ ᠭᠡᠰᠢᠭᠦᠨ ᠬᠤᠸᠠᠩ ᠲᠤᠤ ᠨᠠᠷ ᠮᠠᠨ ᠤ

ᠰᠢᠶᠠᠨ ᠳᠤ ᠬᠦᠷᠴᠦ ᠰᠢᠨ᠎ᠡ ᠴᠠᠭ ᠦᠶ᠎ᠡ ᠶᠢᠨ ᠠᠷᠠᠳᠴᠢᠯᠠᠭᠰᠠᠨ ᠨᠠᠮ ᠪᠦᠯᠦᠭ ᠤᠨ ᠠᠵᠢᠯ ᠲᠦᠷᠦᠯ ᠤᠨ

ᠰᠢᠰᠲ᠋ᠧᠮ ᠢᠶᠠᠷ ᠢᠶᠠᠨ ᠲᠤᠰᠠᠯᠠᠬᠤ ᠬᠠᠮᠲᠤᠷᠠᠯᠴᠠᠭ᠎ᠠ ᠳᠤ ᠬᠦᠴᠦ ᠨᠡᠮᠡᠷᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃

︽9 · 3︾ ᠶᠢᠨ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠤᠯᠠᠭᠠᠨᠴᠠᠪ ᠬᠤᠲᠠ ᠶᠢᠨ ᠬᠤᠷᠢᠶᠠᠨ ᠤ ᠳᠡᠳ᠋

ᠡᠷᠬᠢᠯᠡᠭᠴᠢ ᠭᠡᠰᠢᠭᠦᠨ᠂ ᠹᠧᠩᠵᠧᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠶᠧ᠂

ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠶᠠᠩ

ᠵᠢᠶᠦ᠋ᠨ ᠲᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃

1724810251394086211 (1).png

    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠸᠠᠳᠧ ᠰᠢᠶᠠᠨ ᠤ ︽ᠨᠢᠭᠡ

ᠴᠤᠬᠴᠠᠵᠢᠭᠤᠯᠤᠨ ᠰᠡᠳᠬᠢᠯ ᠨᠢᠭᠡᠳᠦᠨ ᠡᠷᠡᠮᠡᠬᠡᠶᠢᠯᠡᠨ ᠤᠷᠤᠭᠰᠢᠯᠠᠬᠤ︾ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ

ᠦᠵᠡᠭᠦᠯᠭᠡ ᠶᠢᠨ ᠲᠢᠩᠬᠢᠮ᠂ ᠬᠤᠪᠴᠠᠰᠤ ᠬᠤᠨᠠᠷ ᠤᠨ ᠦᠢᠯᠡᠰ ᠪᠤᠰᠬᠠᠬᠤ ᠬᠦᠷᠢᠶᠡᠯᠡᠩ᠂ ᠪᠠᠶᠠᠨᠲᠠᠯ᠎ᠠ ᠰᠢᠶᠠᠩ ᠤᠨ

ᠪᠤᠯᠠᠭ ᠤᠨ ᠤᠰᠤ ᠲᠣᠰᠬᠤᠨ ᠢ ᠲᠣᠭᠤᠷᠢᠨ ᠦᠵᠡᠵᠦ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ

ᠪᠣᠯᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ

ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠳᠠᠭᠠᠵᠤ ᠰᠢᠨ᠎ᠡ ᠠᠶᠠᠨ ᠳᠤ ᠡᠷᠡᠯᠬᠡᠭᠯᠡᠨ

ᠤᠷᠤᠭᠰᠢᠯᠠᠬᠤ ᠳᠤ ᠵᠢᠱᠢᠶᠡᠴᠢ ᠪᠣᠯᠤᠭᠰᠠᠨ ᠠᠮᠢᠳᠤᠯᠢᠭ ᠦᠢᠯᠡᠳᠦᠯᠭᠡ ᠶᠢ ᠭᠦᠨᠵᠡᠭᠡᠢ ᠣᠶᠢᠯᠠᠭᠠᠪᠠ᠃

1724810259849088960.png

    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ︽9 · 3︾ ᠶᠢᠨ ᠡᠷᠳᠡᠮ

ᠰᠢᠨᠵᠢᠯᠡᠭᠡᠨ ᠤ ᠨᠡᠶᠢᠭᠡᠮᠯᠢᠭ ᠤᠨ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠬᠤᠷᠢᠶ᠎ᠠ ᠶᠢᠨ ᠳᠣᠲᠣᠷᠠᠬᠢ

ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ ᠤᠨ ᠳᠡᠭᠡᠳᠦ ᠲᠠᠰ ᠤᠨ ᠴᠢᠳᠠᠪᠤᠷᠢᠲᠠᠨ ᠤ ᠡᠬᠢ ᠪᠠᠶᠠᠯᠢᠭ ᠡᠯᠪᠡᠭ

ᠪᠠᠶᠢᠵᠤ᠂ ᠢᠯᠠᠩᠭᠤᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠥᠭᠵᠢᠯᠲᠡ᠂

ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠪᠥᠬᠦ ᠤᠯᠤᠰ ᠤᠨ ᠲᠡᠷᠢᠭᠦᠨ ᠤ ᠪᠠᠶᠢᠷᠢᠨ ᠳᠤ ᠪᠠᠶᠢᠳᠠᠭ᠂

ᠴᠢᠳᠠᠪᠤᠷᠢᠲᠠᠨ ᠢ ᠲᠥᠪᠯᠡᠷᠡᠭᠦᠯᠦᠨ ᠬᠤᠸᠠᠳᠧ ᠰᠢᠶᠠᠨ ᠤ ᠤᠨᠴᠠᠯᠢᠭᠳᠤ ᠠᠵᠤ ᠦᠢᠯᠡᠰ ᠤᠨ ᠳᠡᠭᠡᠭᠰᠢᠯᠡᠯᠲᠡ᠂ ᠠᠵᠤ

ᠦᠢᠯᠡᠰ ᠤᠨ ᠪᠦᠯᠦᠭᠵᠢᠯ ᠢ ᠴᠣᠭᠴᠠᠯᠠᠬᠤ᠂ ᠬᠡᠷᠡᠭᠯᠡᠭᠡ ᠪᠠᠷ ᠲᠠᠷᠢᠶᠠᠯᠠᠩ ᠢ ᠬᠠᠪᠰᠤᠷᠤᠨ ᠲᠡᠳᠬᠦᠵᠦ ᠣᠷᠣᠯᠭ᠎ᠠ ᠶᠢ ᠨᠢ

ᠨᠡᠮᠡᠭᠳᠡᠭᠦᠯᠬᠦ᠂ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢ ᠭᠠᠳᠠᠭᠰᠢ ᠭᠠᠷᠭᠠᠬᠤ ᠵᠡᠷᠭᠡ ᠲᠠᠯ᠎ᠠ ᠪᠠᠷ ᠬᠥᠭᠵᠢᠭᠦᠯᠵᠦ᠂

ᠨᠠᠷᠠᠲᠤ ᠲᠡᠮᠳᠡᠭᠵᠢᠭᠦᠯᠬᠦ᠂ ᠳᠡᠭᠡᠳᠦ ᠲᠠᠰ ᠤᠨ ᠵᠠᠮ ᠢᠶᠠᠷ ᠵᠠᠮᠨᠠᠬᠤ ᠳᠤ ᠵᠠᠮᠨᠠᠵᠤ᠂ ᠪᠡᠭᠡᠵᠢᠩ ᠥᠪᠥᠷ ᠮᠣᠩᠭᠤᠯ ᠤᠨ

ᠬᠠᠮᠵᠢᠯᠴᠠᠭ᠎ᠠ ᠳᠤ ᠨᠠᠩ ᠣᠯᠠᠨ ᠬᠦᠴᠦᠨ ᠴᠢᠳᠠᠯ ᠨᠡᠮᠡᠷᠢᠯᠡᠬᠦ ᠬᠡᠷᠡᠭᠲᠡᠶ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2