8 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠳ᠋ᠢᠶᠤᠤ ᠴᠦᠨ ᠬᠠᠶ 2024 ᠣᠨ ᠤ 8 ᠳ᠋ᠤᠭᠠᠷ ᠤᠳᠠᠭᠠᠨ ᠤ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 6 | ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠴᠢᠶᠠᠩ ᠤᠨ | ᠲᠦᠷᠦ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠳᠡᠭᠡᠷᠡᠬᠢ ᠶᠠᠷᠢᠶ᠎ᠠ ᠵᠡᠷᠭᠡ ᠰᠢᠷᠢᠰ ᠬᠤᠷᠠᠯ | ᠪᠣᠯᠤᠨ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠶᠢ ᠴᠡᠭᠴᠡᠯᠡᠨ ᠰᠠᠶᠢᠵᠢᠷᠠᠭᠤᠯᠬᠤ᠂ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ | ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | ᠬᠤᠷᠠᠯ ᠳᠤ ᠣᠷᠣᠯᠴᠠᠭᠰᠠᠳ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ︾ ᠶᠢᠨ ᠲᠣᠭᠤᠷᠢᠨ ᠳᠤ ᠲᠤᠰ | ᠲᠤᠰ ᠪᠣᠳᠠᠲᠤ ᠠᠵᠢᠯ ᠪᠣᠯᠤᠨ ᠰᠢᠶᠠᠨ ᠤ ᠪᠠᠶᠢᠳᠠᠯ᠂ ᠪᠠᠯᠭᠠᠰᠤᠨ ᠤ ᠪᠠᠶᠢᠳᠠᠯ᠂ ᠲᠣᠰᠬᠤᠨ ᠤ ᠪᠠᠶᠢᠳᠠᠯ ᠲᠠᠢ | ᠤᠶᠠᠯᠳᠤᠭᠤᠯᠤᠨ ᠰᠤᠳᠤᠯᠤᠨ ᠶᠠᠷᠢᠯᠴᠠᠪᠠ᠃ | ᠬᠤᠷᠠᠯ ᠠᠴᠠ᠂ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠭᠦᠨᠵᠡᠭᠡᠢ ᠰᠤᠷᠤᠯᠴᠠᠨ | ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ | ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ | ᠪᠣᠯᠤᠨ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠦᠴᠦᠨ ᠴᠢᠳᠠᠯ ᠢᠶᠠᠨ ᠪᠦᠬᠦᠳᠡ | ᠬᠤᠷᠠᠯ ᠤᠨ ᠱᠠᠭᠠᠷᠳᠠᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ | ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠳᠬᠠᠵᠤ᠂ ︽ᠡᠷᠬᠢᠨ ᠬᠠᠷᠠᠬᠤ︾ ᠠᠵᠢᠯ ᠢ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠨᠢᠭᠲᠠ | ᠤᠶᠠᠯᠳᠤᠭᠤᠯᠵᠤ᠂ ᠨᠢᠭᠡ ᠴᠤᠬᠴᠠᠵᠢᠭᠤᠯᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠰᠡᠭᠦᠯᠴᠢ ᠶᠢᠨ ᠠᠵᠢᠯ ᠢ ᠡᠷᠡᠰ ᠰᠠᠶᠢᠲᠤᠷ ᠠᠳᠬᠤᠬᠤ | ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠱᠠᠯᠠᠪᠳᠠᠭᠤᠯᠤᠨ ᠪᠠᠶᠢᠴᠠᠭᠠᠬᠤ ᠶᠢ ᠬᠦᠯᠢᠶᠡᠬᠦ ᠪᠠᠷ ︽ | ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ | ᠪᠣᠳᠠᠲᠠᠢ ᠠᠵᠢᠯᠯᠠᠭ᠎ᠠ ᠪᠣᠯᠭᠠᠵᠤ᠂ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ᠃ ︽ᠲᠠᠪᠤᠨ ᠶᠡᠭᠡ ᠡᠭᠦᠷᠭᠡ︾ ᠶᠢᠨ ᠠᠵᠢᠯ ᠤᠨ ᠦᠷ᠎ᠡ ᠪᠦᠲᠦᠮᠵᠢ ᠤᠯᠬᠤ ᠶᠢ | ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ | ᠠᠩᠬᠠᠷᠴᠤ᠂ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠮᠥᠷᠳᠡᠨ ᠲᠤᠬᠢᠷᠠᠭᠤᠯᠬᠤ ᠪᠠᠨ ᠴᠢᠩᠭᠠᠳᠬᠠᠵᠤ᠂ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠢ᠃ | ᠵᠠᠰᠠᠭ ᠤᠨ ᠣᠷᠳᠣᠨ ᠤ ᠬᠡᠷ ᠲᠡᠭᠡᠨ ᠪᠠᠶᠢᠭ᠎ᠠ ᠰᠢᠶᠠᠨ ᠤ ᠳᠡᠳ᠋ ᠳᠠᠷᠤᠭ᠎ᠠ ᠬᠤᠷᠠᠯ ᠳᠤ ᠣᠷᠣᠯᠴᠠᠪᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |