ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠢᠳᠡᠷ ᠥᠲᠡᠯᠦᠭᠡ ᠨᠠᠰᠤᠨ ᠤ | ᠡᠷᠡᠭᠦᠯ ᠴᠢᠭᠢᠷᠠᠭ ᠪᠠᠶᠠᠷ ᠬᠥᠷ ᠲᠠᠢ ᠠᠮᠢᠳᠤᠷᠠᠯ ᠤᠨ ᠪᠠᠶᠢᠳᠠᠯ ᠪᠠ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ | ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠨ᠎ᠡ᠃ 8 ᠰᠠᠷ᠎ᠠ ᠶᠢᠨ 28 ᠤ ᠡᠳᠦᠷ᠂ ᠰᠢᠶᠠᠨ ᠤ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠭᠤᠤᠯᠯᠠᠨ | ᠡᠷᠭᠢᠯᠡᠵᠦ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠠᠶᠢᠭᠤᠯᠤᠭᠳᠠᠭᠰᠠᠨ ᠳᠥᠴᠢᠨ ᠵᠢᠯ ᠤᠨ ᠣᠶ ᠶᠢ | ᠳᠤᠷᠠᠰᠬᠠᠬᠤ ᠵᠢᠴᠢ 2024 ᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭᠠᠨ ᠤ ᠲᠠᠯᠠᠪᠠᠶ ᠶᠢᠨ | ᠪᠥᠵᠢᠭ ︵ᠪᠡᠶ᠎ᠡ ᠴᠢᠭᠢᠷᠠᠭᠵᠢᠭᠤᠯᠬᠤ ᠲᠠᠮᠢᠷ︶ ᠤᠨ ᠤᠷᠤᠯᠳᠤᠭᠠᠨ ᠳ᠋ᠧ ᠱᠧᠩ ᠲᠠᠯᠠᠪᠠᠶ ᠳᠤ ᠶᠠᠪᠤᠭᠳᠠᠵᠤ᠂ ᠪᠥᠬᠦ ᠰᠢᠶᠠᠨ ᠤ | 12 ᠡᠩᠨᠡᠭᠡ ᠤᠷᠤᠯᠳᠤᠭᠠᠨ ᠳᠤ ᠣᠷᠣᠯᠴᠠᠪᠠ᠃ | | ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠡᠯ᠎ᠡ ᠤᠷᠤᠯᠳᠤᠭᠠᠨ ᠤ ᠠᠩᠭᠢ ᠲᠤᠰ ᠲᠤᠰ ᠤᠨ ᠴᠤᠭ ᠵᠢᠪᠬᠤᠭ᠎ᠠ ᠪᠠᠨ | ᠭᠠᠶᠢᠬᠠᠭᠤᠯᠪᠠ᠃ ᠣᠯᠠᠨ ᠢᠶᠠᠷ ᠢᠶᠠᠨ ᠲᠡᠷᠢ ᠲᠡᠭᠰᠢ ᠬᠤᠪᠴᠠᠰᠤ ᠬᠤᠨᠠᠷ ᠢᠶᠠᠨ ᠡᠮᠦᠰᠴᠦ᠂ ᠢᠷᠠᠭᠤ ᠰᠠᠶᠢᠬᠠᠨ ᠪᠥᠵᠢᠭ ᠤᠨ | ᠳᠦᠷᠢ ᠲᠥᠷᠬᠦ᠂ ᠬᠦᠩᠬᠡᠨ ᠠᠯᠬᠤᠭ᠎ᠠ᠂ ᠠᠮᠢᠵᠢᠷᠠᠯ ᠤᠨ ᠬᠦᠴᠦᠨ ᠲᠠᠢ ᠲᠣᠭᠯᠠᠯᠲᠠ ᠶᠢᠨ ᠠᠷᠭ᠎ᠠ ᠬᠡᠯᠪᠡᠷᠢ ᠪᠠᠷ ᠰᠠᠶᠢᠨ | ᠰᠠᠶᠢᠬᠠᠨ ᠴᠤᠭ ᠰᠦᠯᠳᠡ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠪᠡ᠃ ᠲᠤᠬᠠᠶ ᠶᠢᠨ | ᠲᠠᠯᠠᠪᠠᠶ ᠶᠢᠨ ᠰᠢᠯᠭᠠᠷᠠᠭᠤᠯᠬᠤ ᠺᠣᠮᠢᠰ ᠤᠨ ᠭᠡᠰᠢᠭᠦᠨ ᠲᠣᠰ ᠤᠳᠠᠭᠠᠨ ᠤ ᠤᠷᠤᠯᠳᠤᠭᠠᠨ ᠤ ᠭᠤᠤᠯ ᠰᠡᠳᠦᠪᠲᠦ ᠱᠠᠭᠠᠷᠳᠠᠯᠭ᠎ᠠ | ᠂ ᠤᠷᠤᠯᠳᠤᠭᠠᠨ ᠳᠤ ᠣᠷᠣᠯᠴᠠᠬᠤ ᠡᠩᠨᠡᠭᠡ ᠶᠢᠨ ᠬᠥᠳᠡᠯᠭᠡᠭᠡᠨ ᠤ ᠨᠠᠶᠢᠷᠠᠭᠤᠯᠤᠯ᠂ ᠲᠡᠷᠢ ᠲᠡᠭᠰᠢ ᠬᠡᠮᠵᠢᠶ᠎ᠡ᠂ ᠢᠯᠡᠷᠡᠭᠦᠯᠬᠦ | ᠬᠦᠴᠦᠨ᠂ ᠪᠡᠶᠡᠯᠡᠭᠦᠯᠬᠦ ᠶᠠᠰᠤ ᠴᠢᠨᠠᠷ᠂ ᠠᠩᠭᠢ ᠶᠢᠨ ᠬᠡᠯᠪᠡᠷᠢ ᠶᠢᠨ ᠬᠡᠮᠵᠢᠭᠦᠷ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠵᠡᠷᠭᠡ ᠲᠤᠯᠤᠭᠠᠨ ᠲᠠᠯ᠎ᠠ ᠪᠠᠷ ᠬᠤᠪᠢ ᠲᠣᠭᠲᠠᠭᠠᠨ᠎ᠠ᠃ ᠥᠷᠭᠡᠨ ᠣᠯᠠᠨ ᠤᠷᠤᠯᠳᠤᠭᠠᠨ ᠳᠤ | ᠣᠷᠣᠯᠴᠠᠭᠰᠠᠳ ᠲᠤ ᠥᠪᠡᠷ ᠢ ᠪᠠᠨ ᠳᠡᠯᠭᠡᠨ ᠦᠵᠡᠭᠦᠯᠬᠦ᠂ ᠬᠠᠷᠢᠯᠴᠠᠨ ᠰᠣᠯᠢᠯᠴᠠᠬᠤ᠂ ᠤᠷ᠎ᠠ ᠮᠡᠷᠭᠡᠵᠢᠯ ᠢᠶᠠᠨ | ᠳᠡᠭᠡᠭᠰᠢᠯᠡᠭᠦᠯᠬᠦ ᠲᠠᠪᠴᠠᠩ ᠬᠠᠩᠭᠠᠬᠤ ᠬᠡᠷᠡᠭᠲᠡᠶ᠃ | ᠲᠣᠰ ᠤᠳᠠᠭᠠᠨ ᠤ ᠤᠷᠤᠯᠳᠤᠭᠠᠨ ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠤᠯᠠᠮ ᠨᠢᠭᠡ | ᠠᠯᠬᠤᠮ ᠳᠥᠯᠭᠢᠨ ᠠᠬᠢᠭᠤᠯᠵᠤ᠂ ᠢᠳᠡᠷ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠭᠦᠨᠵᠡᠭᠡᠶᠢᠷᠡᠨ | ᠥᠷᠨᠢᠬᠦ ᠶᠢ ᠳᠥᠯᠭᠢᠨ ᠠᠬᠢᠭᠤᠯᠵᠤ᠂ ᠮᠠᠨ ᠤ ᠰᠢᠶᠠᠨ ᠤ ᠪᠠᠶᠠᠯᠢᠭ ᠰᠠᠶᠢᠬᠠᠨ ᠰᠣᠶᠣᠯ ᠤᠨ ᠠᠮᠢᠳᠤᠷᠠᠯ ᠤᠨ ᠠᠭᠤᠷ | ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠨᠠᠩ ᠣᠯᠠᠨ ᠬᠥᠮᠦᠨ ᠳᠤ ᠲᠠᠯᠠᠪᠠᠶ ᠶᠢᠨ ᠪᠥᠵᠢᠭ ᠪᠠ ᠪᠡᠶ᠎ᠡ | ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠷᠢᠳᠢ ᠰᠢᠳᠢ ᠶᠢ ᠣᠶᠢᠯᠠᠭᠠᠭᠤᠯᠵᠤ᠂ ᠪᠡᠶ᠎ᠡ ᠴᠢᠭᠢᠷᠠᠭᠵᠢᠭᠤᠯᠬᠤ ᠡᠩᠨᠡᠭᠡᠨ ᠳᠤ | ᠣᠷᠣᠭᠤᠯᠤᠨ᠂ ᠡᠷᠡᠭᠦᠯ ᠴᠢᠭᠢᠷᠠᠭ᠂ ᠪᠠᠶᠠᠷ ᠬᠥᠷ ᠲᠠᠢ ᠠᠮᠢᠳᠤᠷᠠᠯ ᠢ ᠬᠠᠮᠲᠤ ᠪᠠᠷ ᠡᠳ᠋ᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ ᠶᠢᠨ ᠰᠣᠶᠣᠯ ᠤᠨ | ᠠᠵᠢᠯᠯᠠᠭ᠎ᠠ ᠶᠢᠨ ᠵᠢᠯᠣᠭᠤᠳᠬᠤ ᠭᠠᠵᠠᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᠶᠢᠨ ᠢᠦᠶ᠂ | ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠴᠢᠩ ᠾᠧ᠂ ᠰᠢᠶᠠᠨ ᠤ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠾᠧ ᠸᠠᠨ ᠪᠦᠦ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |