ᠳᠣᠯᠣᠳᠤᠭᠠᠷ ᠪᠠᠯᠭᠠᠰᠤ ︽ᠪᠢ ᠭᠡᠷ ᠢᠶᠠᠨ ᠬᠠᠶᠢᠷᠠᠯᠠᠨ᠎ᠠ︾ ᠭᠡᠬᠦ ᠠᠵᠢᠯᠯᠠᠭ᠎ᠠ ᠶᠢᠨ ᠳ᠋ᠦᠩᠨᠡᠯᠲᠡ ᠵᠢᠴᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/10

    ᠠᠮᠵᠢᠯᠲᠠ ᠪᠠᠨ ᠪᠠᠳᠠᠷᠠᠭᠤᠯᠵᠤ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠶᠢᠨ ᠲᠥᠯᠥᠭᠡ᠂ ᠪᠥᠬᠦ

ᠪᠠᠯᠭᠠᠰᠤᠨ ᠤ ᠦᠨᠳᠦᠰᠦᠨ ᠱᠠᠲᠤᠨ ᠤ ᠵᠠᠰᠠᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ 1

ᠰᠠᠷ᠎ᠠ ᠶᠢᠨ 10 ᠤ ᠡᠳᠦᠷ᠂ ᠳᠣᠯᠣᠳᠤᠭᠠᠷ ᠪᠠᠯᠭᠠᠰᠤ ︽ᠪᠢ ᠭᠡᠷ ᠢᠶᠠᠨ ᠬᠠᠶᠢᠷᠠᠯᠠᠨ᠎ᠠ︾ ᠭᠡᠬᠦ ᠠᠵᠢᠯᠯᠠᠭ᠎ᠠ ᠶᠢᠨ

ᠳ᠋ᠦᠩᠨᠡᠯᠲᠡ ᠵᠢᠴᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ᠃

1736512262376056591.jpg

    ᠬᠤᠷᠠᠯ ᠠᠴᠠ ︽ᠪᠢ ᠭᠡᠷ ᠢᠶᠠᠨ ᠬᠠᠶᠢᠷᠠᠯᠠᠬᠤ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ ᠣᠯᠤᠭᠰᠠᠨ ᠡᠯᠪᠡᠭ

ᠪᠠᠶᠠᠯᠢᠭ ᠦᠷ᠎ᠡ ᠪᠦᠲᠦᠭᠡᠯ ᠢ ᠪᠦᠬᠦ ᠲᠠᠯ᠎ᠠ ᠪᠠᠷ ᠳ᠋ᠦᠩᠨᠡᠵᠡᠶ᠃ 2023 ᠣᠨ ᠠᠴᠠ ᠨᠠᠰᠢ᠂ ᠳᠣᠯᠣᠳᠤᠭᠠᠷ ᠪᠠᠯᠭᠠᠰᠤ

︽ᠨᠠᠮ ᠤᠨ ᠭᠡᠰᠢᠭᠦᠨ ᠲᠦᠷᠦᠭᠦᠯᠡᠨ ᠵᠢᠭᠰᠠᠭᠠᠯ ᠤᠨ ᠭᠠᠵᠠᠷ ᠤᠨ ᠣᠯᠠᠨ ᠲᠦᠮᠡᠨ ᠰᠠᠶᠢᠨ ᠳᠤᠷ᠎ᠠ ᠠᠴᠠ ᠪᠠᠨ ᠬᠡᠷ

ᠣᠷᠣᠨ ᠢᠶᠠᠨ ᠬᠠᠶᠢᠷᠠᠯᠠᠬᠤ︾ ᠪᠠᠷ ᠭᠤᠤᠯ ᠰᠡᠳᠦᠪ ᠪᠣᠯᠭᠠᠭᠰᠠᠨ ︽ᠪᠢ ᠬᠡᠷ ᠣᠷᠣᠨ ᠢᠶᠠᠨ ᠬᠠᠶᠢᠷᠠᠯᠠᠬᠤ︾

ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠡᠶ᠃ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ

ᠪᠠᠶᠢᠭᠠᠳ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ᠂ ᠨᠠᠰᠤᠲᠠᠶᠢᠴᠤᠳ ᠢ ᠬᠠᠯᠠᠮᠵᠢᠯᠠᠨ

ᠬᠠᠶᠢᠷᠠᠯᠠᠬᠤ᠂ ᠡᠶ᠎ᠡ ᠵᠣᠬᠢᠴᠠᠯ ᠲᠠᠢ ᠰᠠᠶᠢᠨ ᠰᠠᠶᠢᠬᠠᠨ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠣᠯᠠᠨ

ᠲᠠᠯ᠎ᠠ ᠠᠴᠠ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠵᠠᠭᠪᠤᠷ ᠢ

ᠬᠠᠶᠢᠨ ᠰᠦᠪᠡᠭᠴᠢᠯᠡᠨ᠎ᠡ᠃ ᠤᠯᠠᠨ ᠲᠦᠮᠡᠨ ᠤ ᠥᠭᠡᠳᠡᠯᠡᠨ ᠲᠠᠪᠰᠢᠬᠤ᠂ ᠠᠷᠠᠳ ᠤᠨ ᠵᠠᠩ ᠰᠤᠷᠲᠠᠯ ᠢ ᠪᠣᠷᠣᠭᠵᠢᠭᠤᠨ

ᠪᠠᠶᠢᠯᠭᠠᠬᠤ ᠶᠢ ᠰᠢᠰᠲ᠋ᠧᠮ ᠲᠠᠢ ᠠᠬᠢᠭᠤᠯᠵᠤ᠂ ᠴᠥᠭᠡᠨ ᠠᠰᠠᠷᠠᠵᠤ ᠬᠦᠨᠳᠦ ᠪᠠᠷ ᠣᠷᠣᠰᠢᠭᠤᠯᠬᠤ᠂ ᠶᠡᠬᠡᠪᠡᠷ ᠬᠢᠬᠦ᠂

ᠲᠩᠷᠢ ᠶᠢᠨ ᠦᠨ᠎ᠡ ᠪᠠᠷ ᠥᠩᠭᠡᠲᠦ ᠪᠡᠯᠡᠭ ᠵᠡᠷᠭᠡ ᠮᠠᠭᠤ ᠳᠠᠳᠬᠠᠯ ᠢ ᠲᠠᠶᠠᠭᠳᠠᠬᠤ ᠬᠡᠷᠡᠭᠲᠡᠢ᠃ ᠠᠵᠢᠯᠯᠠᠭ᠎ᠠ

ᠥᠷᠨᠢᠭᠦᠯᠦᠭᠰᠡᠨ ᠨᠢᠭᠡ ᠵᠢᠯ ᠤᠨ ᠲᠤᠷᠰᠢ᠂ ᠡᠯ᠎ᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠳᠤ

ᠦᠨᠳᠦᠰᠦᠨ ᠴᠢᠨᠠᠷᠲᠠᠢ ᠬᠤᠪᠢᠷᠠᠯᠲᠠ ᠭᠠᠷᠴᠤ᠂ ᠨᠠᠮ ᠤᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ

ᠭᠠᠵᠠᠷ ᠤᠨ ᠴᠣᠩᠬᠤ ᠲᠣᠳᠣᠷᠬᠠᠢ ᠬᠡᠳᠦ ᠲᠤᠩᠭᠠᠯᠠᠭ᠂ ᠨᠠᠰᠤᠲᠠᠶᠢᠴᠤᠳ ᠤᠨ ᠠᠵᠢᠯᠯᠠᠭ᠎ᠠ ᠬᠥᠭᠵᠢᠶᠡᠨᠲᠡᠢ ᠶᠠᠪᠤᠭᠳᠠᠵᠤ᠂

ᠨᠢᠭᠡ ᠵᠢᠯ ᠤᠨ ᠲᠤᠷᠰᠢ ᠪᠦᠬᠦ ᠪᠠᠯᠭᠠᠰᠤᠨ ᠤ ᠠᠷᠠᠳ ᠲᠦᠮᠡᠨ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ ᠨᠢᠭᠡ

ᠤᠳᠠᠭᠠᠨ ᠤ ᠠᠮᠤᠷ ᠲᠦᠪᠰᠢᠨ ᠤ ᠬᠡᠷᠡᠭ ᠭᠠᠷᠤᠭᠰᠠᠨ ᠦᠭᠡᠢ᠃ ᠵᠠᠭᠤᠨ ᠵᠢᠯ ᠳᠤ ᠲᠣᠬᠢᠶᠠᠯᠳᠤᠭ᠎ᠠ ᠦᠭᠡᠢ ᠦᠶᠡᠷ

ᠤᠰᠤᠲᠤᠯ ᠤᠨ ᠭᠠᠮᠰᠢᠭ ᠤᠨ ᠡᠮᠦᠨ᠎ᠡ᠂ ᠮᠠᠨ ᠤ ᠨᠠᠮ ᠤᠨ ᠭᠡᠰᠢᠭᠦᠨ ᠺᠠᠳ᠋ᠷ ᠬᠠᠮᠤᠭ ᠤᠨ ᠡᠮᠦᠨ᠎ᠡ ᠡᠩᠨᠡᠭᠡᠨ ᠳᠤ

ᠣᠷᠣᠵᠤ᠂ ᠦᠶᠡᠷ ᠵᠠᠯᠠᠬᠤ ᠬᠠᠰᠢᠯᠭ᠎ᠠ ᠶᠢ ᠬᠠᠰᠢᠵᠤ᠂ ᠦᠬᠡᠷ ᠬᠤᠨᠢ ᠶᠢ ᠲᠦᠷᠭᠡᠨ ᠠᠪᠤᠷᠠᠵᠤ᠂ ᠡᠪ ᠬᠠᠮᠲᠤ ᠨᠠᠮ ᠤᠨ

ᠭᠡᠰᠢᠭᠦᠨ ᠤ ᠵᠠᠩᠭᠢᠯᠠᠭ᠎ᠠ ᠶᠢᠨ ᠴᠠᠭ ᠦᠶ᠎ᠡ ᠶᠢᠨ ᠬᠤᠰᠢᠭᠤᠴᠢ ᠵᠢᠱᠢᠶᠡᠴᠢ ᠦᠢᠯᠡᠳᠦᠯ ᠢ ᠢᠯᠡᠷᠡᠭᠦᠯᠪᠡ᠃

图片1.png

    ᠬᠤᠷᠠᠯ ᠠᠴᠠ ︽ᠪᠢ ᠭᠡᠷ ᠢᠶᠠᠨ ᠬᠠᠶᠢᠷᠠᠯᠠᠬᠤ︾ ᠠᠵᠢᠯᠯᠠᠭ᠎ᠠ ᠳᠤᠮᠳᠠ᠂ ᠡᠯ᠎ᠡ ᠲᠣᠰᠬᠤᠨ ᠳᠤ ᠴᠣᠯᠭᠤᠷᠠᠨ

ᠭᠠᠷᠤᠭᠰᠠᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ᠂ ᠠᠷᠠᠳ ᠲᠦᠮᠡᠨ ᠳᠤ ᠰᠠᠶᠢᠲᠤᠷ ᠦᠢᠯᠡᠴᠢᠯᠡᠬᠦ ᠺᠠᠳ᠋ᠷ᠂

ᠬᠠᠮᠤᠭ ᠤᠨ ᠭᠤᠶᠤ ᠴᠡᠪᠡᠷᠯᠡᠭᠴᠢ᠂ ᠬᠥᠷᠰᠢ ᠵᠡᠷᠭᠡᠯᠡᠳᠡᠭᠡ᠂ ᠠᠴᠢᠯᠠᠨ ᠡᠯᠪᠡᠷᠢᠯᠲᠦ ᠭᠡᠷ ᠪᠦᠯᠢ ᠵᠡᠷᠭᠡ ᠲᠡᠷᠢᠭᠦᠨ ᠤ

ᠬᠤᠪᠢ ᠬᠥᠮᠦᠨ ᠪᠣᠯᠤᠨ ᠭᠡᠷ ᠪᠦᠯᠢ ᠶᠢ ᠬᠥᠬᠢᠭᠦᠯᠦᠨ ᠰᠠᠶᠢᠰᠢᠶᠠᠪᠠ᠃

    ᠬᠤᠷᠠᠯ ᠠᠴᠠ ᠴᠢᠬᠤᠯᠠᠴᠢᠯᠠᠭᠰᠠᠨ ᠨᠢ᠂ ︽ᠪᠢ ᠭᠡᠷ ᠢᠶᠠᠨ ᠬᠠᠶᠢᠷᠠᠯᠠᠬᠤ︾ ᠠᠵᠢᠯᠯᠠᠭ᠎ᠠ ᠶᠢᠨ ᠲᠦᠪᠰᠢᠨ ᠢ ᠤᠯᠠᠮ

ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠡᠯ᠎ᠡ ᠲᠣᠰᠬᠤᠨ ᠲᠣᠰ ᠤᠳᠠᠭᠠᠨ ᠤ ︽ᠪᠢ ᠭᠡᠷ ᠢᠶᠠᠨ ᠬᠠᠶᠢᠷᠠᠯᠠᠬᠤ︾

ᠠᠵᠢᠯᠯᠠᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠪᠢ ᠭᠡᠷ ᠢᠶᠠᠨ

ᠬᠠᠶᠢᠷᠠᠯᠠᠬᠤ︾ ᠠᠵᠢᠯᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ︔ ᠨᠢᠭᠡ ᠵᠢᠯ ᠤᠨ ᠲᠤᠷᠰᠢᠬᠢ ᠠᠵᠢᠯᠯᠠᠭ᠎ᠠ

ᠥᠷᠨᠢᠭᠦᠯᠦᠭᠰᠡᠨ ᠪᠠᠶᠢᠳᠠᠯ ᠢᠶᠠᠨ ᠪᠥᠬᠦ ᠲᠠᠯ᠎ᠠ ᠪᠠᠷ ᠳ᠋ᠦᠩᠨᠡᠵᠦ᠂ ᠬᠡᠷᠬᠢᠨ ᠥᠷᠭᠡᠨ ᠣᠯᠠᠨ ᠨᠠᠮ ᠤᠨ ᠭᠡᠰᠢᠭᠦᠨ ᠣᠯᠠᠨ

ᠲᠦᠮᠡᠨ ᠢ ᠤᠯᠠᠮ ᠨᠢᠭᠡ ᠠᠯᠬᠤᠮ ᠤᠯᠠᠮ ᠨᠢᠭᠡ ᠠᠯᠬᠤᠮ ᠳᠠᠶᠢᠴᠢᠯᠠᠬᠤ ᠠᠵᠢᠯᠯᠠᠭ᠎ᠠ ᠶᠢ ᠨᠠᠩ ᠪᠣᠳᠠᠲᠠᠶ᠂ ᠨᠠᠩ

ᠪᠠᠶᠠᠯᠢᠭ ᠪᠣᠯᠭᠠᠵᠤ᠂ ᠡᠨᠡᠬᠦ ᠠᠵᠢᠯᠯᠠᠭ᠎ᠠ ᠶᠢ ᠨᠠᠩ ᠪᠣᠳᠠᠲᠠᠶ᠂ ᠨᠠᠩ ᠡᠯᠪᠡᠭ ᠪᠠᠶᠠᠯᠢᠭ ᠪᠣᠯᠭᠠᠵᠤ᠂ ᠵᠥᠪᠬᠡᠨ ᠭᠡᠷ

ᠣᠷᠣᠨ ᠢᠶᠠᠨ ᠬᠠᠶᠢᠷᠠᠯᠠᠬᠤ᠂ ᠣᠷᠴᠢᠨ ᠲᠣᠭᠤᠷᠢᠨ ᠭᠤᠶᠢᠳᠠ ᠰᠠᠶᠢᠬᠠᠨ᠂ ᠨᠠᠰᠤᠲᠠᠨ ᠢᠶᠠᠨ ᠬᠦᠨᠳᠦᠯᠡᠵᠦ

ᠨᠠᠰᠤᠲᠠᠨ ᠢᠶᠠᠨ ᠬᠠᠶᠢᠷᠠᠯᠠᠬᠤ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠤᠯᠠᠮᠵᠢᠯᠠᠯᠲᠤ ᠰᠠᠶᠢᠬᠠᠨ ᠰᠤᠷᠲᠠᠯ ᠢ

ᠪᠠᠳᠠᠷᠠᠭᠤᠯᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠲᠡᠰᠢ ᠭᠦᠨᠵᠡᠭᠡᠶᠢᠷᠡᠭᠦᠯᠵᠦ᠂ ︽ᠮᠢᠨᠦ

ᠭᠡᠷ ᠢᠶᠠᠨ ᠬᠠᠶᠢᠷᠠᠯᠠᠬᠤ︾ ᠠᠵᠢᠯᠯᠠᠭ᠎ᠠ ᠶᠢ ᠦᠨᠡᠨᠬᠦ ᠳᠣᠯᠣᠳᠤᠭᠠᠷ ᠪᠠᠯᠭᠠᠰᠤᠨ ᠤ ᠵᠠᠰᠠᠯᠲᠠ ᠶᠢᠨ ᠪᠦᠲᠦᠮᠵᠢᠲᠡᠶ ᠵᠠᠭᠪᠤᠷ

ᠪᠣᠯᠭᠠᠬᠤ ᠬᠡᠷᠡᠭᠲᠡᠶ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2