ᠰᠢᠤᠸᠠᠢ ᠹᠧᠩ ᠴᠢᠩ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/10

    1 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠠᠷᠪᠠᠨ

ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ

ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃

    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2035 ᠣᠨ ᠤ ᠰᠢᠨ᠎ᠡ ᠵᠢᠯ ᠤᠨ ᠪᠠᠶᠠᠷ ᠤᠨ ᠦᠭᠡ

ᠪᠣᠯᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠳᠤ ᠠᠷᠠᠳᠴᠢᠯᠠᠯ ᠤᠨ ᠠᠮᠢᠳᠤᠷᠠᠯ ᠤᠨ

ᠬᠤᠷᠠᠯ ᠳᠡᠭᠡᠷ᠎ᠡ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ

ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠭᠦᠢ ᠦᠢᠯᠡᠳᠪᠦᠷᠢᠯᠡᠯ᠂

ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠵᠢᠴᠢ ᠰᠢᠶᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ

ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠰᠠᠬᠢᠯᠭ᠎ᠠ ᠪᠠᠲᠤ ᠪᠠᠶᠢᠴᠠᠭᠠᠬᠤ

ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ 2024 ᠣᠨ ᠤ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ 2025

ᠣᠨ ᠤ ᠠᠵᠢᠯ ᠤᠨ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠠᠴᠠ ᠬᠤᠸᠠᠳᠧ ᠰᠢᠶᠠᠨ ᠤ

ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ

ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ

ᠳᠤᠭᠤᠶᠢᠯᠠᠩ ᠤᠨ ︽ᠪᠤᠴᠠᠵᠤ ᠪᠠᠶᠢᠴᠠᠭᠠᠨ ᠦᠵᠡᠬᠦ︾ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠰᠬᠠᠢ

ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠵᠡᠷᠭᠡ ᠬᠤᠯᠪᠣᠭᠳᠠᠯ ᠪᠦᠬᠦᠢ ᠠᠵᠢᠯ ᠤᠨ ᠲᠥᠰᠦᠯ ᠢ ᠬᠢᠨᠠᠨ

ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠪᠠ᠃

    ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ

ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ

ᠬᠢᠨᠠᠨ ᠪᠠᠶᠢᠴᠠᠭᠠᠬᠤ ᠵᠥᠪᠯᠡᠯ ᠰᠢᠶᠠᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠠᠮ ᠤᠨ ᠤᠯᠤᠰ

ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ

ᠪᠣᠯᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ

ᠲᠠᠯ᠎ᠠ ᠳᠤ ᠦᠢᠯᠡᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠲᠠᠯ᠎ᠠ ᠶᠢᠨ ᠠᠵᠢᠯ ᠰᠢᠨ᠎ᠡ ᠠᠬᠢᠴᠠ ᠪᠣᠯᠤᠨ

ᠰᠢᠨ᠎ᠡ ᠦᠷ᠎ᠡ ᠪᠦᠲᠦᠮᠵᠢ ᠤᠯᠪᠠ᠃ 2025 ᠣᠨ ᠳᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂

ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ

ᠬᠢᠨᠠᠨ ᠪᠠᠶᠢᠴᠠᠭᠠᠬᠤ ᠵᠥᠪᠯᠡᠯ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ

ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ

ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ

ᠶᠣᠰᠣᠭᠠᠷ᠂ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂

ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ

ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾

 ᠤᠨ ᠲᠥᠯᠥᠪᠵᠢᠭᠦᠯᠭᠡ ᠶᠢ ᠨᠠᠷᠢᠨ ᠨᠢᠮᠪᠠᠶ ᠲᠥᠯᠥᠪᠵᠢᠭᠦᠯᠵᠦ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ

ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ

ᠭᠡᠵᠡᠶ᠃

    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠶᠢᠨ

ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂

ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ᠂ ᠲᠦᠢᠯ ᠤᠨ

ᠶᠡᠭᠡ ᠰᠡᠳᠬᠢᠬᠦᠢ ᠶᠢ ᠪᠠᠷᠢᠮᠲᠠᠯᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ

ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠᠨ ᠡᠷᠬᠡᠪᠰᠢ︾ ᠶᠢᠨ

ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ

ᠶᠡᠬᠡᠪᠡᠷ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ ᠤ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠪᠠᠴᠢᠮ

ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠵᠢᠭᠰᠠᠭᠠᠨ ᠪᠠᠶᠢᠴᠠᠭᠠᠵᠤ

ᠴᠡᠭᠴᠡᠯᠡᠨ ᠵᠠᠰᠠᠬᠤ ᠶᠢ ᠥᠷᠨᠢᠭᠦᠯᠵᠦ᠂ ᠨᠡᠩ ᠴᠢᠩᠭ᠎ᠠ ᠱᠠᠭᠠᠷᠳᠠᠯᠭ᠎ᠠ ᠪᠠᠷ ᠬᠠᠷᠢᠭᠤᠴᠠᠯᠭ᠎ᠠ ᠶᠢᠨ

ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠢᠯ ᠤᠨ ᠰᠡᠭᠦᠯᠴᠢ ᠵᠢᠯ ᠤᠨ ᠡᠬᠢᠨ ᠤ ᠬᠤᠭᠤᠴᠠᠭᠠᠨ ᠳᠠᠬᠢ ᠠᠶᠤᠯᠭᠦᠢ

ᠦᠢᠯᠡᠳᠪᠦᠷᠢᠯᠡᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ ᠠᠴᠠ᠂ ᠵᠥᠷᠢᠴᠡᠯ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠤᠯᠠᠨ

ᠡᠰᠢᠴᠢᠯᠡᠨ ᠰᠢᠢᠳᠪᠦᠷᠢᠯᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠲᠣᠭᠲᠠᠭᠤᠨ ᠪᠠᠶᠢᠳᠠᠯ ᠳᠤ ᠬᠤᠯᠪᠣᠭᠳᠠᠬᠤ

ᠬᠦᠨᠳᠦ ᠶᠡᠭᠡ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠵᠤ᠂ ︽ᠴᠠᠭᠠᠨ ᠰᠠᠷ᠎ᠠ︾ ᠶᠢᠨ

ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠠᠵᠢᠯ ᠢ ᠪᠦᠬᠦ

ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ

ᠭᠡᠵᠦ ᠱᠠᠭᠠᠷᠳᠠᠪᠠ᠃ ᠬᠠᠤᠯᠢᠵᠢᠯ ᠤᠨ ᠤᠬᠠᠮᠰᠠᠷ ᠢ ᠪᠠᠲᠤ ᠪᠤᠢ ᠪᠣᠯᠭᠠᠵᠤ᠂ ᠬᠠᠤᠯᠢᠵᠢᠯ ᠤᠨ ᠵᠠᠮ ᠢᠶᠠᠷ ᠡᠯ᠎ᠡ ᠵᠦᠢᠯ ᠤᠨ

ᠠᠵᠢᠯ ᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ

ᠤᠴᠢᠷ ᠶᠠᠪᠤᠳᠠᠯ ᠰᠢᠢᠳᠪᠦᠷᠢᠯᠡᠬᠦ ᠪᠠᠷ ᠴᠢᠬᠤᠯᠠ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ

ᠶᠣᠰᠣ ᠲᠦᠷᠢᠮ ᠪᠣᠯᠭᠠᠬᠤ ᠶᠢ ᠪᠠᠷᠢᠮᠲᠠᠯᠠᠵᠤ᠂ ᠠᠵᠢᠯ ᠢᠶᠠᠨ ᠲᠥᠯᠥᠪᠵᠢᠭᠦᠯᠬᠦ ᠳᠡᠭᠡᠨ ᠬᠠᠤᠯᠢ ᠴᠠᠭᠠᠵᠠ ᠶᠢᠨ

ᠱᠠᠭᠠᠷᠳᠠᠯᠭ᠎ᠠ ᠲᠠᠢ ᠬᠠᠷᠭᠤᠭᠤᠯᠵᠤ᠂ ᠬᠠᠤᠯᠢ ᠴᠠᠭᠠᠵᠠ ᠶᠢᠨ ᠦᠨᠳᠦᠰᠦᠯᠡᠯ ᠢ ᠣᠨᠣᠪᠴᠢᠲᠠᠢ ᠣᠯᠵᠤ᠂ ᠠᠵᠢᠯ ᠢᠶᠠᠨ

ᠠᠬᠢᠭᠤᠯᠬᠤ ᠳᠠᠭᠠᠨ ᠬᠠᠤᠯᠢᠵᠢᠯ ᠢ ᠴᠢᠬᠤᠯᠠᠴᠢᠯᠠᠵᠤ᠂ ᠲᠡᠰ ᠳᠠᠷᠠᠭᠠᠯᠠᠯ ᠶᠣᠰᠣᠭᠠᠷ᠂ ᠵᠠᠰᠠᠭ ᠤᠨ ᠣᠷᠳᠣᠨ ᠤ ᠡᠯ᠎ᠡ

ᠰᠠᠯᠠᠭ᠎ᠠ ᠮᠥᠴᠢᠷ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠯᠠᠮ ᠴᠢᠨᠠᠭᠰᠢᠳᠠ

ᠠᠬᠢᠭᠤᠯᠬᠤ ᠬᠡᠷᠡᠭᠲᠡᠢ᠃

    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2