ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2025/1/13

   2024 ᠣᠨ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠢᠶᠠᠨ ᠤ

ᠨᠠᠮ ᠤᠨ ᠬᠤᠷᠢᠶ᠎ᠠ᠂ ᠬᠤᠳᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ

ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠤᠨ

ᠭᠤᠣᠯᠳᠠᠯᠭ᠎ᠠ ᠲᠠᠢ ᠡᠭᠦᠷᠭᠡ ᠵᠢᠴᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ

ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠠᠳᠠᠯᠤᠯᠲᠠ ᠶᠢᠨ ᠰᠠᠨᠠᠯ ᠢ ᠨᠠᠷᠢᠨ ᠬᠢᠨᠠᠮᠠᠭᠠᠢ ᠲᠤᠤᠱᠯᠠᠭᠤᠯᠤᠨ

ᠨᠠᠶᠢᠳᠠᠪᠤᠷᠢᠵᠢᠭᠤᠯᠪᠠ᠃ ᠲᠣᠰ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠰᠤᠷᠲᠠᠯ ᠤᠨ ᠪᠠ

ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠳᠥᠷᠪᠡᠨ ᠪᠡᠶ᠎ᠡ ᠪᠠᠷ ᠢᠶᠠᠨ ᠪᠠᠶᠢᠷᠢᠯᠠᠭᠤᠯᠬᠤ︾

︵ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠠᠰᠠᠭᠤᠵᠤ᠂

ᠭᠤᠤᠯᠳᠠᠯᠭ᠎ᠠ ᠲᠠᠢ ᠠᠵᠢᠯ ᠢ ᠪᠡᠶ᠎ᠡ ᠪᠠᠷ ᠢᠶᠠᠨ ᠵᠣᠬᠢᠴᠠᠭᠤᠯᠵᠤ᠂ ᠴᠢᠬᠤᠯᠠ ᠬᠡᠷᠡᠭ ᠢ ᠪᠡᠶ᠎ᠡ ᠪᠠᠷ ᠢᠶᠠᠨ ᠰᠢᠪᠠᠳᠠᠨ

ᠰᠢᠢᠳᠪᠤᠷᠢᠯᠡᠨ᠎ᠡ︶ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠪᠠ᠃ ᠨᠢᠳᠤᠨᠤᠨ ᠤ 4 ᠰᠠᠷ᠎ᠠ ᠳᠤ ᠮᠠᠨ ᠤ ᠰᠢᠶᠠᠨ ᠤ

ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ

ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠪᠢᠳᠡ ᠪᠠᠶᠢᠭᠠᠯᠢ ᠶᠢᠨ ᠡᠬᠢ

ᠪᠠᠶᠠᠯᠢᠭ ᠤᠨ ᠰᠠᠯᠠᠭ᠎ᠠ ᠮᠥᠴᠢᠷ ᠤᠨ ᠣᠨᠴᠠᠭᠠᠢ ᠴᠢᠨᠠᠷ ᠤᠨ ᠡᠮᠦᠨ᠎ᠡ᠂ ︽ᠢᠯᠵᠠᠷᠠᠵᠤ ᠪᠣᠯᠬᠤ ᠦᠭᠡᠢ︾

ᠰᠡᠷᠭᠡᠶᠢᠯᠡᠯᠲᠡ ᠶᠢᠨ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠨᠠᠮ ᠤᠨ ᠤᠳᠤᠷᠢᠳᠬᠤ ᠳᠤᠭᠤᠶᠢᠯᠠᠩ ᠤᠨ

ᠤᠳᠤᠷᠢᠳᠬᠤ ᠪᠠᠭ ᠠᠷᠠᠳᠴᠢᠯᠠᠯ ᠢ ᠪᠠᠳᠠᠷᠠᠭᠤᠯᠬᠤ᠂ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠠᠷᠴᠢᠮ ᠢ

ᠪᠠᠷᠢᠮᠲᠠᠯᠠᠵᠤ᠂ ᠢᠯᠡ ᠲᠣᠳᠣ ᠪᠠᠶᠢᠬᠤ ᠶᠢ ᠪᠠᠷᠢᠮᠲᠠᠯᠠᠵᠤ᠂ ᠪᠠᠶᠢᠭᠤᠯᠭ᠎ᠠ ᠶᠢᠨ ᠨᠡᠯᠢᠶᠡᠳ ᠶᠡᠭᠡ ᠲᠣᠭᠠᠨ ᠤ ᠵᠠᠷᠤᠯᠭ᠎ᠠ᠂

ᠴᠢᠬᠤᠯᠠ ᠶᠡᠭᠡ ᠲᠦᠷᠦᠯ ᠵᠦᠢᠯ ᠪᠠ ᠪᠦᠬᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ

ᠨᠢᠭᠡᠪᠦᠷᠢ ᠳᠤ ᠴᠥᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠣᠪᠴᠢᠶ᠎ᠠ ᠶᠢᠨ ᠶᠠᠪᠤᠳᠠᠯ ᠤᠨ ᠬᠤᠷᠠᠯ

ᠬᠤᠷᠠᠯᠳᠤᠭᠤᠯᠵᠤ ᠰᠤᠳᠤᠯᠤᠨ ᠲᠣᠭᠲᠠᠭᠠᠪᠠ᠃ ᠬᠠᠮᠲᠤ ᠪᠠᠷ ᠰᠤᠳᠤᠯᠬᠤ ᠪᠠᠷ ᠳᠠᠮᠵᠢᠨ᠂ ᠬᠠᠮᠲᠤ ᠶᠢᠨ

ᠤᠳᠤᠷᠢᠳᠤᠯᠭ᠎ᠠ ᠶᠢ ᠪᠠᠷᠢᠮᠲᠠᠯᠠᠵᠤ᠂ ᠬᠡᠷᠡᠭ ᠶᠠᠪᠤᠳᠠᠯ ᠰᠢᠢᠳᠪᠦᠷᠢᠯᠡᠬᠦ ᠶᠢᠨ ᠢᠯᠡ ᠲᠣᠳᠣ ᠶᠢᠨ ᠬᠡᠮᠵᠢᠶ᠎ᠡ ᠶᠢ ᠦᠨᠡᠨ ᠬᠦ

ᠳᠡᠭᠡᠭᠰᠢᠯᠡᠭᠦᠯᠵᠦ᠂ ᠪᠠᠭ ᠤᠨ ᠪᠦᠷᠢᠯᠳᠦᠬᠦᠨ ᠨᠡᠷ ᠠᠵᠢᠯ ᠤᠨ ᠳᠤᠮᠳᠠ ᠪᠠᠨ ᠬᠠᠷᠢᠯᠴᠠᠨ ᠳᠡᠮᠵᠢᠵᠦ᠂ ᠬᠠᠷᠢᠯᠴᠠᠨ

ᠣᠶᠢᠯᠠᠭᠠᠵᠤ᠂ ᠮᠠᠰᠢ ᠰᠠᠶᠢᠨ ᠰᠤᠷᠲᠠᠯ ᠴᠢᠬᠡᠴᠢ ᠣᠪᠣᠷ ᠲᠥᠪ ᠠᠵᠢᠯ ᠤᠨ ᠠᠭᠤᠷ ᠠᠮᠢᠰᠬᠤᠯ ᠢ ᠪᠤᠢ ᠪᠣᠯᠭᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2