ᠮᠠᠨ ᠤ ᠰᠢᠶᠠᠨ ᠤ ᠬᠢᠨᠠᠨ ᠪᠤᠳᠤᠬᠤ ᠲᠣᠪᠴᠢᠶ᠎ᠠ ᠰᠢᠨ᠎ᠡ ᠴᠠᠭ ᠦᠶ᠎ᠡ ᠰᠢᠨ᠎ᠡ ᠡᠭᠦᠷᠭᠡ ᠬᠠᠷᠢᠭᠤᠴᠠᠯᠭ᠎ᠠ ᠶᠢᠨ | ᠡᠮᠦᠨ᠎ᠡ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠬᠠᠷᠢᠯᠴᠠᠨ | ᠲᠤᠰᠠᠭᠠᠷ ᠪᠢᠰᠢ ᠬᠠᠷᠢᠨ ᠬᠠᠷᠢᠯᠴᠠᠨ ᠨᠥᠬᠦᠴᠡᠯᠳᠦᠵᠦ ᠪᠠᠶᠢᠬᠤ ᠶᠢ ᠭᠦᠨᠵᠡᠭᠡᠶ ᠲᠠᠨᠢᠵᠤ ᠤᠯᠪᠠ᠃ ᠬᠤᠶᠠᠭᠤᠯᠠ ᠶᠢ | ᠵᠠᠪᠰᠠᠷ ᠦᠭᠡᠢ ᠵᠣᠯᠭᠠᠭᠤᠯᠬᠤ ᠶᠢ ᠠᠬᠢᠭᠤᠯᠬᠤ ᠶᠢᠨ ᠲᠥᠯᠥᠭᠡ᠂ ᠲᠤᠪᠴᠢᠶ᠎ᠠ ᠡᠯ᠎ᠡ ᠵᠦᠢᠯ ᠤᠨ ᠬᠡᠯᠪᠡᠷᠢ ᠶᠢᠨ | ᠰᠤᠷᠤᠯᠴᠠᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠵᠢᠱᠢᠶᠡᠯᠡᠪᠡᠯ ᠨᠠᠮ ᠤᠨ ᠤᠳᠤᠷᠢᠳᠬᠤ ᠳᠤᠭᠤᠶᠢᠯᠠᠩ ᠤᠨ | ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ᠂ ᠨᠠᠮ ᠤᠨ ᠡᠭᠦᠷ ᠤᠨ | ᠰᠤᠷᠤᠯᠴᠠᠯᠭ᠎ᠠ ᠶᠢᠨ ᠬᠤᠷᠠᠯ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠪᠠᠷ ᠳᠠᠮᠵᠢᠭᠤᠯᠤᠨ᠂ | ᠬᠤᠶᠠᠭᠤᠯᠠ ᠶᠢᠨ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠪᠡ᠃ | ᠨᠢᠭᠡ ᠳᠤ᠂ ᠤᠢᠢᠯᠠᠭᠠᠭᠳᠠᠬᠤᠨ ᠠᠭᠤᠰᠤᠯᠴᠠᠯ᠄ ᠨᠠᠮ ᠤᠨ ᠣᠶᠢᠯᠠᠭᠠᠭᠳᠠᠬᠤᠨ ᠪᠣᠯᠤᠨ ᠴᠢᠭᠯᠡᠯᠲᠡ ᠲᠦᠷᠦ ᠶᠢᠨ | ᠪᠤᠳᠤᠯᠭ᠎ᠠ ᠶᠢ ᠬᠢᠨᠠᠨ ᠪᠤᠳᠤᠬᠤ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠤᠨ᠎ᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠬᠤ ᠪᠠᠷ ᠳᠠᠮᠵᠢᠭᠤᠯᠤᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠢᠨᠠᠨ ᠪᠤᠳᠤᠬᠤ ᠠᠵᠢᠯ ᠤᠨ ᠢᠮᠠᠭᠲᠠ ᠵᠥᠪ ᠤᠯᠤᠰ | ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃ | ᠬᠤᠶᠠᠷ ᠲᠤ ᠠᠵᠢᠯ ᠤᠨ ᠠᠭᠤᠰᠤᠯᠴᠠᠯ᠄ ᠨᠠᠮ ᠤᠨ ᠪᠠᠶᠢᠭᠤᠯᠤᠯᠲᠠ ᠶᠢᠨ ᠠᠵᠢᠯ ᠢ ᠬᠢᠨᠠᠨ ᠪᠤᠳᠤᠬᠤ | ᠲᠤᠬᠠᠶᠢᠯᠠᠭᠰᠠᠨ ᠠᠵᠢᠯ ᠲᠠᠢ ᠨᠢᠭᠲᠠ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠪᠣᠯᠤᠨ ᠬᠢᠨᠠᠨ ᠪᠤᠳᠤᠬᠤ ᠠᠵᠢᠯ ᠢ | ᠵᠡᠷᠭᠡᠪᠡᠷ ᠬᠦᠴᠦᠯᠡᠵᠦ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠡᠯᠪᠡᠭ | ᠪᠠᠶᠠᠯᠢᠭ ᠠᠭᠤᠯᠭ᠎ᠠ ᠲᠠᠢ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠬᠦ ᠵᠢᠴᠢ ︽ᠲᠦᠷᠦ ᠶᠢᠨ ᠪᠤᠳᠤᠯᠭ᠎ᠠ | - ᠪᠡᠯᠡ ᠮᠥᠩᠭᠦ - ᠲᠦᠷᠦᠯ ᠵᠦᠢᠯ︾ ᠤᠨ ᠬᠢᠨᠠᠨ ᠪᠤᠳᠤᠬᠤ ᠭᠤᠣᠯ ᠱᠤᠭᠤᠮ ᠢ ᠭᠦᠨᠵᠡᠭᠡᠶᠢᠷᠡᠭᠦᠯᠬᠦ ᠪᠠᠷ | ᠳᠠᠮᠵᠢᠭᠤᠯᠵᠤ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠲᠦᠷᠦ ᠶᠢᠨ ᠪᠤᠳᠤᠯᠭ᠎ᠠ᠂ ᠪᠡᠯᠡ ᠮᠥᠩᠭᠦ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ | ᠲᠣᠭᠲᠠᠭᠤᠨ ᠢᠶᠠᠷ ᠬᠥᠭᠵᠢᠬᠦ ᠳᠤ ᠬᠦᠴᠦᠲᠡᠢ ᠬᠢᠨᠠᠨ ᠪᠤᠳᠤᠬᠤ ᠬᠢᠨᠠᠯᠲᠠ ᠲᠠᠯᠪᠢᠬᠤ ᠦᠢᠯᠡᠴᠢᠯᠡᠭᠡᠨ ᠤ ᠪᠠᠲᠤᠯᠠᠭ᠎ᠠ | ᠬᠠᠩᠭᠠᠨ᠎ᠠ᠃ | ᠭᠤᠷᠪᠠ ᠳᠤ᠂ ᠲᠦᠷᠢᠮ ᠢ ᠠᠭᠤᠰᠤᠯᠴᠠᠭᠤᠯᠬᠤ᠄ ᠨᠠᠮ ᠤᠨ ᠪᠠᠶᠢᠭᠤᠯᠤᠯᠲᠠ ᠬᠢᠭᠡᠳ ᠬᠢᠨᠠᠨ ᠪᠤᠳᠤᠬᠤ | ᠲᠤᠬᠠᠶᠢᠯᠠᠭᠰᠠᠨ ᠠᠵᠢᠯ ᠢ ᠠᠭᠤᠰᠤᠯᠴᠠᠭᠤᠯᠬᠤ ᠲᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠤᠶᠠᠭᠤᠯᠠ ᠶᠢ ᠲᠦᠷᠢᠮ ᠤᠨ ᠲᠠᠯ᠎ᠠ ᠪᠠᠷ ᠣᠷᠭᠠᠨᠢᠭ ᠢᠶᠠᠷ ᠤᠶᠠᠯᠳᠤᠭᠤᠯᠬᠤ ᠶᠢ ᠦᠨᠡᠨ ᠬᠦ ᠪᠠᠲᠤᠯᠠᠨ᠎ᠠ᠃ ᠵᠢᠱᠢᠶᠡᠯᠡᠪᠡᠯ᠂ | ᠬᠠᠮᠢᠶ᠎ᠠ ᠪᠦᠬᠦᠢ ᠨᠠᠮ ᠤᠨ ᠪᠠᠶᠢᠭᠤᠯᠤᠯᠲᠠ ᠬᠢᠭᠡᠳ ᠬᠢᠨᠠᠨ ᠪᠣᠳᠣᠬᠤ ᠲᠤᠬᠠᠶᠢᠯᠠᠭᠰᠠᠨ ᠠᠵᠢᠯ ᠢ | ᠠᠭᠤᠰᠤᠯᠴᠠᠭᠤᠯᠬᠤ ᠶᠢᠨ ᠬᠡᠷᠡᠭᠵᠢᠭᠦᠯᠬᠦ ᠰᠠᠨᠠᠯ ᠪᠤᠶᠤ ᠠᠷᠭ᠎ᠠ ᠶᠢ ᠲᠣᠭᠲᠠᠭᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ | ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠢᠨᠠᠯᠲᠠ ᠲᠠᠯᠪᠢᠨ ᠪᠠᠶᠢᠴᠠᠭᠠᠬᠤ ᠪᠠ ᠬᠢᠨᠠᠨ | ᠰᠢᠯᠭᠠᠵᠤ ᠦᠨᠡᠯᠡᠨ ᠵᠢᠱᠢᠬᠦ ᠶᠢ ᠴᠢᠩᠭᠠᠷᠠᠭᠤᠯᠵᠤ᠂ ᠬᠡᠪᠰᠢᠭᠦᠯᠦᠭᠰᠡᠨ᠂ ᠳᠦᠷᠢᠮᠵᠢᠭᠦᠯᠦᠭᠰᠡᠨ ᠨᠡᠶᠢᠯᠡᠯ ᠲᠣᠭᠲᠠᠴᠠ ᠶᠢ | ᠪᠦᠷᠢᠯᠳᠦᠭᠦᠯᠦᠨ᠎ᠡ᠃ | ᠳᠡᠭᠡᠷ᠎ᠡ ᠳᠤᠷᠠᠳᠤᠭᠰᠠᠨ ᠭᠤᠷᠪᠠᠨ ᠲᠠᠯ᠎ᠠ ᠶᠢᠨ ᠠᠭᠤᠰᠤᠯᠴᠠᠯ ᠢᠶᠠᠷ ᠲᠠᠮᠵᠢᠨ᠂ ᠬᠢᠨᠠᠨ ᠪᠤᠳᠤᠬᠤ ᠠᠵᠢᠯ ᠤᠨ | ᠤᠯᠤᠰ ᠲᠦᠷᠦᠴᠢ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠪᠣᠯᠤᠨ ᠪᠣᠳᠠᠲᠤ ᠪᠦᠲᠦᠮᠵᠢᠲᠦ ᠴᠢᠨᠠᠷ ᠢ ᠪᠦᠲᠦᠮᠵᠢᠲᠡᠢ | ᠳᠡᠭᠡᠭᠰᠢᠯᠡᠭᠦᠯᠵᠦ᠂ ᠬᠢᠨᠠᠨ ᠪᠤᠳᠤᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠣᠯᠤᠨ᠎ᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |