︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠲᠤᠬᠠᠶ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠱᠠᠭᠠᠷᠳᠠᠯᠭ᠎ᠠ | ᠶᠣᠰᠣᠭᠠᠷ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠤᠯᠢ ᠲᠦᠭᠡᠮᠡᠯᠵᠢᠭᠦᠯᠬᠦ ᠡᠭᠦᠷᠭᠡ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵ᠊᠂ ᠠᠵᠢᠯ ᠤᠨ ᠲᠦᠷᠢᠮ ᠢ ᠪᠦᠷᠢᠨᠰᠢᠬᠦᠯᠦᠨ᠂ | ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠬᠠᠤᠯᠢ ᠲᠦᠭᠡᠮᠡᠯᠵᠢᠭᠦᠯᠬᠦ ᠠᠵᠢᠯ ᠤᠨ ᠭᠦᠨᠵᠡᠭᠡᠶ ᠥᠷᠨᠢᠬᠦ ᠶᠢ | ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠳᠤ ᠢᠳᠡᠪᠬᠢᠲᠡᠶ | ᠬᠤᠪᠢ ᠨᠡᠮᠡᠷᠢ ᠦᠵᠡᠭᠦᠯᠦᠨ᠎ᠡ᠃ | ᠨᠢᠭᠡ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠬᠠᠤᠯᠢ ᠪᠠᠷ ᠵᠠᠰᠠᠬᠤ | ᠦᠢᠯᠡᠳᠦᠯᠭᠡ ᠲᠠᠢ ᠤᠶᠠᠯᠳᠤᠭᠤᠯᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠬᠠᠤᠯᠢ ᠪᠠᠷ | ᠵᠠᠰᠠᠬᠤ ᠦᠢᠯᠡᠳᠦᠯᠭᠡ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠬᠠᠤᠯᠢ ᠪᠠᠷ ᠵᠠᠰᠠᠬᠤ ᠦᠢᠯᠡᠳᠦᠯᠭᠡ ᠶᠢᠨ | ᠳᠤᠮᠳᠠ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠤᠶᠠᠷ ᠲᠤ᠂ ᠰᠢᠰᠲ᠋ᠧᠮ ᠤᠨ ᠳᠣᠲᠣᠭᠠᠳᠤ ᠶᠢᠨ ᠬᠠᠤᠯᠢ ᠲᠦᠭᠡᠮᠡᠯᠵᠢᠭᠦᠯᠬᠦ ᠪᠠ ᠨᠡᠶᠢᠭᠡᠮ ᠤᠨ ᠬᠠᠤᠯᠢ | ᠲᠦᠭᠡᠮᠡᠯᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠰᠢᠰᠲ᠋ᠧᠮ ᠤᠨ ᠳᠣᠲᠣᠷᠠᠬᠢ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠬᠦ ᠶᠢᠨ ᠬᠠᠮᠲᠤ᠂ | ᠨᠡᠶᠢᠭᠡᠮ ᠳᠤ ᠬᠠᠨᠳᠤᠭᠤᠯᠤᠭᠰᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠬᠠᠷᠢᠭᠤᠴᠠᠯᠭ᠎ᠠ ᠶᠢ ᠢᠳᠡᠪᠬᠢᠲᠡᠶ ᠪᠠᠷ ᠡᠭᠦᠷᠭᠡᠯᠡᠵᠦ᠂ ᠠᠵᠢᠯᠲᠠᠨ ᠤ ᠬᠠᠤᠯᠢ ᠴᠠᠭᠠᠵᠠ ᠶᠢᠨ ᠬᠡᠪ ᠴᠢᠨᠠᠷ ᠢ ᠴᠢᠷᠮᠠᠶᠢᠨ | ᠳᠡᠭᠡᠭᠰᠢᠯᠡᠭᠦᠯᠵᠦ᠂ ᠨᠡᠶᠢᠭᠡᠮ ᠨᠡᠶᠢᠲᠡ ᠶᠢᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠷᠠᠭᠤᠯᠤᠨ᠎ᠠ᠃ | ᠭᠤᠷᠪᠠ ᠳᠤ᠂ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠨᠢᠭᠲᠠ ᠬᠠᠮᠵᠢᠯᠴᠠᠬᠤ ᠶᠢ ᠪᠠᠷᠢᠮᠲᠠᠯᠠᠨ᠎ᠠ᠃ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠳᠤ ᠰᠠᠯᠠᠭ᠎ᠠ ᠮᠥᠴᠢᠷ ᠤᠨ ᠬᠠᠮᠢᠶᠠᠷᠤᠯᠲᠠ ᠬᠢᠭᠡᠳ | ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠶᠢ ᠬᠡᠷᠡᠭᠵᠢᠭᠦᠯᠵᠦ᠂ ᠰᠠᠯᠠᠭ᠎ᠠ ᠮᠥᠴᠢᠷ ᠬᠢᠭᠡᠳ | ᠰᠢᠶᠠᠩ ᠪᠠᠯᠭᠠᠰᠤ ᠲᠣᠰᠬᠤᠨ ᠢ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠠᠵᠢᠯ ᠬᠤᠪᠢᠶᠠᠷᠢᠯᠠᠨ | ᠬᠠᠷᠢᠭᠤᠴᠠᠬᠤ᠂ ᠬᠠᠮᠲᠤ ᠪᠠᠷ ᠣᠷᠣᠯᠴᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠨ᠎ᠠ᠃ | ᠳᠥᠷᠪᠡ ᠳᠤ ᠪᠣᠳᠠᠲᠤ ᠪᠠᠶᠢᠳᠠᠯ ᠠᠴᠠ ᠡᠭᠦᠰᠴᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ | ᠪᠠᠷᠢᠮᠲᠠᠯᠠᠬᠤ ᠬᠡᠷᠡᠭᠲᠡᠶ᠃ ᠰᠠᠯᠠᠭ᠎ᠠ ᠮᠥᠴᠢᠷ ᠤᠨ ᠠᠵᠢᠯ ᠤᠨ ᠣᠨᠴᠠᠯᠢᠭ ᠲᠠᠢ ᠤᠶᠠᠯᠳᠤᠭᠤᠯᠤᠨ᠂ ᠬᠠᠤᠯᠢ | ᠲᠦᠭᠡᠮᠡᠯᠵᠢᠭᠦᠯᠬᠦ ᠣᠨᠣᠯᠵᠢᠬᠤᠨ᠂ ᠠᠵᠢᠯ ᠤᠨ ᠲᠣᠭᠲᠠᠴᠠ ᠪᠣᠯᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠤᠯᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ | ᠬᠠᠤᠯᠢ ᠲᠦᠭᠡᠮᠡᠯᠵᠢᠭᠦᠯᠬᠦ ᠶᠢᠨ ᠴᠢᠭᠯᠡᠭᠦᠯᠦᠯᠲᠦ ᠴᠢᠨᠠᠷ ᠪᠣᠯᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨᠬᠦ | ᠨᠡᠮᠡᠭᠳᠡᠭᠦᠯᠬᠦ ᠬᠡᠷᠡᠭᠲᠡᠶ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |