ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠢᠯᠡ ᠵᠠᠰᠠᠭ ᠵᠠᠬᠢᠷᠭᠠᠨ︾ ᠢ ᠠᠬᠢᠭᠤᠯᠵᠤ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/1/16

    ᠡᠨᠡ ᠵᠢᠯ ᠠᠴᠠ ᠨᠠᠰᠢ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ

ᠤᠯᠤᠰ ᠤᠨ ᠭᠠᠵᠠᠷ ᠰᠢᠷᠣᠶ ᠶᠢ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠤᠱᠯᠠᠭᠤᠯᠵᠤ᠂

ᠲᠠᠷᠢᠶᠠᠨ ᠭᠠᠵᠠᠷ ᠢ ᠬᠠᠮᠠᠭᠠᠯᠠᠬᠤ᠂ ᠭᠠᠵᠠᠷ ᠰᠢᠷᠣᠶ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠮᠠᠨ ᠤ

ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂

ᠰᠤᠷᠤᠯᠴᠠᠯᠭ᠎ᠠ ᠪᠠᠨ ᠴᠢᠩᠭᠠᠳᠬᠠᠵᠤ᠂ ᠪᠦᠬᠦᠯᠢ ᠴᠣᠭᠴᠠ ᠶᠢᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠠᠵᠢᠯ ᠤᠨ ᠠᠷᠭ᠎ᠠ

ᠮᠠᠶ᠋ᠢᠭ ᠢᠶᠠᠨ ᠬᠤᠪᠢᠷᠠᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠬᠢᠨᠠᠯᠲᠠ ᠬᠠᠮᠢᠶᠠᠷᠤᠯᠲᠠ ᠪᠠᠨ

ᠴᠢᠩᠭᠠᠳᠬᠠᠨ᠂ ︽ᠨᠡᠷᠡᠨ ᠭᠡᠷᠡᠯᠲᠦ ᠵᠠᠰᠠᠭ ᠵᠠᠬᠢᠷᠭᠠᠨ︾ ᠢ ᠬᠡᠷᠡᠭᠵᠢᠭᠦᠯᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂

ᠰᠠᠶᠢᠨ ᠦᠷ᠎ᠡ ᠪᠦᠲᠦᠮᠵᠢ ᠣᠯᠪᠠ᠃

    ᠨᠢᠭᠡ ᠳᠤ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠵᠠᠷᠯᠢᠭ ᠴᠠᠭᠠᠵᠠ ᠶᠢ ᠳᠠᠭᠠᠬᠤ ᠬᠡᠷᠡᠭᠲᠡᠶ᠃

ᠪᠠᠶᠢᠭᠠᠯᠢ ᠶᠢᠨ ᠡᠬᠢ ᠪᠠᠶᠠᠯᠢᠭ ᠭᠠᠵᠠᠷ ᠰᠢᠷᠣᠶ ᠶᠢᠨ ᠬᠠᠮᠢᠶᠠᠷᠤᠯᠲᠠ ᠶᠢ ᠴᠢᠩᠳᠠᠯᠠᠵᠤ᠂ ᠲᠠᠷᠢᠶᠠᠨ ᠭᠠᠵᠠᠷ ᠤᠨ ᠤᠯᠠᠭᠠᠨ

ᠱᠤᠭᠤᠮ ᠢ ᠪᠠᠲᠤ ᠰᠠᠬᠢᠵᠤ᠂ ᠭᠠᠵᠠᠷ ᠰᠢᠷᠣᠶ ᠶᠢᠨ ᠬᠤᠷᠸ᠎ᠠ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢ

ᠨᠠᠶᠢᠳᠠᠪᠤᠷᠢᠵᠢᠭᠤᠯᠵᠤ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠦᠨᠳᠦᠷᠴᠡ ᠠᠴᠠ ᠪᠠᠶᠢᠭᠠᠯᠢ ᠶᠢᠨ

ᠡᠬᠢ ᠪᠠᠶᠠᠯᠢᠭ ᠤᠨ ᠠᠵᠢᠯ ᠢ ᠲᠠᠨᠢᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠲᠥᠷᠥ ᠶᠢᠨ

ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠵᠠᠷᠯᠢᠭ ᠪᠠᠶᠢᠪᠠᠯ ᠵᠠᠪᠠᠯ ᠬᠡᠷᠡᠭᠵᠢᠭᠦᠯᠵᠦ᠂ ᠴᠠᠭᠠᠵᠠᠯᠠᠵᠤ

ᠪᠠᠶᠢᠪᠠᠯ ᠵᠠᠪᠠᠯ ᠵᠣᠭᠰᠣᠭᠠᠵᠤ᠂ ᠡᠬᠢ ᠪᠠᠶᠠᠯᠢᠭ ᠢ ᠬᠠᠮᠠᠭᠠᠯᠠᠬᠤ ᠮᠥᠷᠲᠡᠭᠡᠨ ᠬᠥᠭᠵᠢᠯᠲᠡ ᠶᠢ ᠪᠠᠲᠤᠯᠠᠬᠤ ᠬᠡᠷᠡᠭᠲᠡᠶ᠃

    ᠬᠤᠶᠠᠷ ᠲᠤ᠂ ᠰᠤᠷᠤᠯᠴᠠᠬᠤ ᠤᠬᠠᠮᠰᠠᠷ ᠢᠶᠠᠨ ᠴᠢᠩᠭᠠᠳᠬᠠᠵᠤ᠂ ᠪᠦᠬᠦᠯᠢ ᠴᠣᠭᠴᠠ ᠶᠢᠨ ᠬᠡᠪ ᠴᠢᠨᠠᠷ ᠢᠶᠠᠨ

ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠤᠨ ᠡᠮᠦᠨ᠎ᠡ᠂

ᠰᠤᠷᠤᠯᠴᠠᠯᠭ᠎ᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠭᠦᠢᠴᠡᠳ ᠲᠠᠨᠢᠵᠤ᠂

ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ

ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠤᠯᠤᠰ ᠠᠴᠠ ᠨᠡᠶᠢᠲᠡᠯᠡᠭᠰᠡᠨ ᠭᠠᠵᠠᠷ ᠰᠢᠷᠣᠶ ᠶᠢᠨ ᠰᠢᠨ᠎ᠡ

ᠲᠥᠷᠥ ᠶᠢᠨ ᠪᠣᠳᠣᠯᠭ᠎ᠠ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ

ᠰᠤᠷᠤᠯᠴᠠᠵᠤ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠪᠠ ᠰᠢᠨ᠎ᠡ ᠶᠢ ᠡᠭᠦᠳᠬᠦ ᠴᠢᠨᠠᠷᠲᠠᠶ ᠠᠵᠢᠯ ᠤᠨ ᠠᠷᠭ᠎ᠠ ᠶᠢ

ᠭᠦᠨᠵᠡᠭᠡᠶ ᠰᠤᠷᠤᠯᠴᠠᠵᠤ᠂ ᠥᠪᠡᠷ ᠢ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ ᠲᠡᠭᠦᠯᠳᠡᠷᠵᠢᠭᠦᠯᠵᠦ᠂ ᠰᠤᠷᠤᠯᠴᠠᠬᠤ

ᠮᠠᠶ᠋ᠢᠭ ᠤᠨ ᠪᠠᠶᠢᠭᠤᠯᠭ᠎ᠠ ᠶᠢ ᠢᠳᠡᠪᠬᠢᠲᠡᠶ ᠪᠠᠷ ᠪᠤᠢ ᠪᠣᠯᠭᠠᠵᠤ᠂ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠤᠨ

ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃

    ᠭᠤᠷᠪᠠ ᠳᠤ᠂ ᠤᠬᠠᠭᠤᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ︽ᠢᠯᠡ ᠲᠣᠳᠣ ᠵᠠᠰᠠᠭ ᠵᠠᠬᠢᠷᠭᠠᠨ︾ ᠢ

ᠠᠬᠢᠭᠤᠯᠤᠨ᠎ᠠ᠃ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ

ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠳᠠᠶᠠᠭᠠᠷ ᠤᠨ ᠡᠬᠢ ᠪᠠᠶᠠᠯᠢᠭ ᠢ ᠬᠠᠮᠠᠭᠠᠯᠠᠬᠤ ᠪᠠ ᠠᠷᠪᠢᠯᠠᠨ

ᠭᠠᠮᠨᠠᠵᠤ ᠡᠷᠴᠢᠮᠵᠢᠭᠦᠯᠦᠨ ᠠᠰᠢᠭᠯᠠᠬᠤ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠶ᠃ ᠵᠠᠰᠠᠭ ᠤᠨ ᠶᠠᠪᠤᠳᠠᠯ ᠢ

ᠡᠯᠧᠺᠲᠷᠣᠨ ᠢᠶᠠᠷ ᠭᠦᠢᠴᠡᠳᠬᠡᠬᠦ ᠪᠠᠶᠢᠭᠤᠯᠤᠯᠲᠠ ᠶᠢ ᠴᠢᠩᠭᠠᠳᠬᠠᠨ᠂ ᠰᠦᠯᠵᠢᠶᠡᠨ ᠳᠡᠭᠡᠷ᠎ᠡ ᠠᠵᠢᠯᠯᠠᠬᠤ ᠶᠢ

ᠢᠳᠡᠪᠬᠢᠲᠡᠶ ᠪᠠᠷ ᠶᠠᠪᠤᠭᠤᠯᠵᠤ᠂ ᠺᠣᠮᠫᠢᠦ᠋ᠲ᠋ᠧᠷ ᠤᠨ ᠰᠦᠯᠵᠢᠶ᠎ᠡ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠪᠤᠯᠤᠩ᠂

ᠦᠢᠯᠡᠴᠢᠯᠡᠭᠡᠨ ᠤ ᠴᠣᠩᠬᠤ᠂ ᠷᠠᠳᠢᠣ᠋ ᠨᠡᠪᠲᠡᠷᠡᠭᠦᠯᠭᠡ ᠲᠧᠯᠸᠢᠰ ᠤᠨ ᠰᠣᠨᠢᠨ ᠰᠡᠳᠬᠦᠯ ᠵᠡᠷᠭᠡ ᠵᠠᠭᠤᠴᠢᠯᠠᠭᠤᠷ ᠤᠨ

ᠦᠢᠯᠡᠳᠦᠯ ᠢ ᠭᠦᠢᠴᠡᠳ ᠠᠰᠢᠭᠯᠠᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠢᠴᠢ ᠭᠦᠢᠴᠡᠳᠬᠡᠬᠦ ᠳᠡᠰ ᠳᠠᠷᠠᠭᠠᠯᠠᠯ᠂

ᠴᠠᠭ ᠤᠨ ᠬᠢᠵᠠᠭᠠᠷ ᠪᠣᠯᠤᠨ ᠱᠠᠭᠠᠷᠳᠠᠯᠭ᠎ᠠ ᠶᠢ ᠢᠯᠡ ᠪᠠᠶᠢᠯᠭᠠᠵᠤ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠶᠢ

ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ︽ᠢᠯᠡ ᠪᠠᠶᠢᠯᠭᠠᠬᠤ ᠵᠠᠰᠠᠭ ᠵᠠᠬᠢᠷᠭᠠᠨ︾ ᠢ ᠬᠡᠷᠡᠭᠵᠢᠭᠦᠯᠬᠦ ᠬᠡᠷᠡᠭᠲᠡᠶ᠃

    ᠲᠦᠷᠪᠡ ᠳᠤ᠂ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠰᠤᠷᠲᠠᠯ ᠢᠶᠠᠨ

ᠰᠠᠶᠢᠵᠢᠷᠠᠭᠤᠯᠤᠨ᠎ᠠ᠃ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠨᠠᠷᠢᠨ ᠬᠢᠨᠠᠮᠠᠭᠠᠢ ᠳ᠋ᠦᠩᠨᠡᠵᠦ᠂ ᠵᠥᠷᠢᠶ᠎ᠡ ᠪᠠᠨ

ᠡᠷᠢᠵᠦ᠂ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠥᠨᠳᠥᠷ ᠪᠠᠷᠢᠮᠵᠢᠶᠠᠲᠤ ᠱᠤᠭᠤᠮ ᠢᠶᠠᠷ

ᠥᠪᠡᠷ ᠢ ᠪᠠᠨ ᠬᠡᠮᠵᠢᠵᠦ᠂ ᠥᠨᠳᠥᠷ ᠦᠷ᠎ᠡ ᠪᠦᠲᠦᠮᠵᠢ ᠪᠠᠷ ᠥᠪᠡᠷ ᠢ ᠪᠠᠨ ᠬᠡᠮᠵᠢᠵᠦ᠂ ᠴᠢᠨᠠᠷ ᠰᠠᠶᠢᠲᠠᠢ ᠪᠠᠷ

ᠥᠪᠡᠷ ᠢ ᠪᠠᠨ ᠱᠠᠭᠠᠷᠳᠠᠨ᠎ᠠ᠃ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠲᠤᠰᠢᠶᠠᠯ ᠬᠠᠷᠢᠭᠤᠴᠠᠯᠭ᠎ᠠ ᠪᠠᠨ

ᠭᠦᠢᠴᠡᠳᠬᠡᠵᠦ᠂ ᠰᠢᠨ᠎ᠡ ᠶᠢ ᠡᠭᠦᠳᠬᠦ ᠣᠪᠣᠷ ᠢᠶᠠᠷ ᠲᠡᠷᠢᠭᠦᠨ ᠤ ᠬᠢ ᠶᠢ ᠴᠢᠷᠮᠠᠶᠢᠨ ᠡᠭᠦᠳᠬᠦ ᠣᠪᠣᠷ ᠢᠶᠠᠷ ᠠᠵᠢᠯ ᠤᠨ

ᠰᠤᠷᠲᠠᠯ ᠢᠶᠠᠨ ᠦᠨᠡᠨᠬᠦ ᠰᠠᠶᠢᠵᠢᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ

ᠪᠦᠲᠦᠭᠡᠯᠴᠢ ᠴᠢᠨᠠᠷᠲᠠᠢ ᠪᠠᠷ ᠥᠷᠨᠢᠭᠦᠯᠦᠨ᠎ᠡ᠃

    ᠲᠠᠪᠤ ᠳᠤ᠂ ᠠᠷᠢᠭᠤᠨ ᠴᠢᠬᠡᠴᠢ ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠠᠨ

ᠴᠢᠩᠭᠠᠳᠬᠠᠬᠤ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ︽ᠬᠢᠨᠠᠯᠲᠠ

ᠲᠠᠯᠪᠢᠬᠤ ᠨᠢᠳᠤᠷᠭ᠎ᠠ︾ ᠶᠢ ᠰᠠᠶᠢᠲᠤᠷ ᠬᠢᠬᠦ ᠬᠡᠷᠡᠭᠲᠡᠢ︔ ︽ᠰᠤᠷᠭᠠᠨ ᠬᠥᠮᠦᠵᠢᠭᠦᠯᠵᠦ ᠰᠡᠷᠡᠮᠵᠢᠯᠡᠭᠦᠯᠬᠦ︾ ᠶᠢ

ᠥᠷᠨᠢᠭᠦᠯᠵᠦ᠂ ︽ᠰᠡᠷᠭᠡᠶᠢᠯᠡᠬᠦ ᠨᠢᠳᠤᠷᠭ᠎ᠠ︾ ᠶᠢ ᠰᠠᠶᠢᠲᠤᠷ ᠬᠢᠬᠦ ᠬᠡᠷᠡᠭᠲᠡᠶ︔ ︽ᠲᠦᠷᠢᠮ ᠢᠶᠠᠷ ᠵᠠᠯᠬᠠᠭᠠᠨ ᠰᠢᠳᠬᠡᠬᠦ︾ ᠶᠢ

ᠴᠢᠩᠳᠠᠯᠠᠵᠤ᠂ ︽ᠬᠠᠷᠢᠭᠤᠴᠠᠯᠭ᠎ᠠ ᠨᠡᠬᠡᠮᠵᠢᠯᠡᠬᠦ ᠨᠢᠳᠤᠷᠭ᠎ᠠ︾ ᠶᠢ ᠰᠠᠶᠢᠲᠤᠷ ᠬᠢᠬᠦ ᠬᠡᠷᠡᠭᠲᠡᠢ᠃ ᠪᠠᠶᠢᠭᠠᠯᠢ ᠶᠢᠨ ᠡᠬᠢ

ᠪᠠᠶᠠᠯᠢᠭ ᠤᠨ ᠵᠠᠰᠠᠭ ᠵᠠᠬᠢᠷᠭᠠᠨ ᠤ ᠬᠡᠷᠡᠭᠵᠢᠭᠦᠯᠬᠦ ᠬᠦᠴᠦᠨ ᠤ ᠳᠡᠭᠡᠭᠰᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂

ᠠᠷᠢᠭᠤᠨ ᠴᠢᠬᠡᠴᠢ᠂ ᠠᠵᠢᠯᠴᠢ ᠬᠢᠴᠢᠶᠡᠩᠭᠦᠢ᠂ ᠪᠣᠳᠠᠲᠠᠢ ᠶᠢ ᠡᠷᠬᠢᠮᠯᠡᠬᠦ᠂ ᠥᠨᠳᠥᠷ ᠪᠦᠲᠦᠮᠵᠢᠲᠡᠢ ᠪᠠᠶᠢᠭᠠᠯᠢ ᠶᠢᠨ ᠡᠬᠢ

ᠪᠠᠶᠠᠯᠢᠭ ᠤᠨ ᠬᠠᠮᠢᠶᠠᠷᠤᠯᠲᠠ ᠶᠢᠨ ᠦᠢᠯᠡᠰ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠤᠸᠠᠳᠧ ᠰᠢᠶᠠᠨ ᠤ

ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠳᠤ ᠨᠡᠩ ᠰᠠᠶᠢᠨ ᠦᠢᠯᠡᠴᠢᠯᠡᠨ᠎ᠡ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2